ᠪᠦᠬᠦ ᠬᠤᠲᠠ ᠶᠢᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/28
   
                          ᠲᠠᠩ ᠰᠢᠤᠸᠠᠨ ᠪᠦᠸᠧ ᠰᠡᠬᠦᠳᠡᠷᠯᠡᠪᠡ     12 ᠰᠠᠷ᠎ᠠ ᠶᠢᠨ 27 ᠤ ᠡᠳᠦᠷ᠂ ᠪᠥᠬᠦ ᠬᠤᠲᠠ ᠶᠢᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠪᠠ᠃     ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠷᠠᠯ ᠡᠷᠭᠢᠯᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠯᠢᠶᠠᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠢᠨ ᠵᠢᠱᠢᠭᠳᠡᠭᠴᠢ ᠶᠤᠸᠠᠢ ᠶᠠᠨ ᠮᠧᠶ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠴᠢᠶᠣᠤ ᠶᠦᠨ ᠯᠢ ᠰᠠᠶᠢᠰᠢᠶᠠᠨ ᠬᠥᠬᠢᠭᠦᠯᠬᠦ ᠲᠣᠭᠲᠠᠭᠠᠯ ᠢ ᠤᠩᠰᠢᠪᠠ᠃ ᠬᠤᠷᠠᠯ ᠳᠤ ᠣᠷᠣᠯᠴᠠᠭᠰᠠᠨ ᠬᠤᠳᠠ ᠶᠢᠨ ᠤᠳᠤᠷᠢᠳᠤᠯᠭ᠎ᠠ ᠠᠴᠠ ᠬᠥᠬᠢᠭᠦᠯᠦᠯ ᠭᠥᠷᠳᠡᠭᠰᠡᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠳᠤ ᠱᠠᠩᠨᠠᠯ ᠤᠨ ᠮᠧᠳᠠᠯ ᠪᠠ ᠢᠷᠠᠭᠤ ᠠᠯᠳᠠᠷ ᠤᠨ ᠦᠨᠡᠮᠯᠡᠯ ᠣᠯᠭᠤᠪᠠ᠃ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠭᠤᠸᠠᠨ ᠬᠤᠢ ᠮᠢᠩ ᠰᠠᠨᠠᠭᠠᠴᠢᠯᠠᠭ᠎ᠠ ᠶᠢᠨ ᠪᠢᠴᠢᠭ ᠢ ᠤᠩᠰᠢᠪᠠ᠃ ᠬᠥᠬᠢᠭᠦᠯᠦᠭᠳᠡᠨ ᠰᠠᠶᠢᠰᠢᠶᠠᠭᠳᠠᠭᠰᠠᠨ ᠬᠥᠳᠡᠯᠮᠦᠷᠢ ᠶᠢᠨ ᠵᠢᠱᠢᠶᠡᠴᠢ ᠶᠢᠨ ᠲᠦᠯᠦᠬᠡᠯᠡᠭᠴᠢ ᠹᠠᠨ ᡁᠢ ᡁᠢ ᠣᠪᠣᠷ ᠢᠶᠠᠨ ᠢᠯᠡᠳᠬᠡᠬᠦ ᠦᠭᠡ ᠬᠡᠯᠡᠪᠡ᠃     ᠰᠦᠢ ᠸᠧᠢ ᠵᠢᠶᠦ᠋ᠨ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠬᠤᠳᠠ ᠶᠢᠨ ᠡᠯ᠎ᠡ ᠠᠵᠢᠯ ᠲᠦᠷᠦᠯ᠂ ᠡᠯ᠎ᠡ ᠹᠷᠣᠨᠲ ᠤᠨ ᠥᠷᠭᠡᠨ ᠤᠯᠠᠨ ᠠᠵᠢᠯᠲᠠᠨ ᠠᠵᠢᠯᠴᠢᠨ ᠪᠣᠯᠣᠨ ᠬᠥᠳᠡᠯᠮᠦᠷᠢᠴᠢᠨ ᠲᠦᠮᠡᠨ ᠳᠤ ᠴᠢᠩ ᠰᠡᠳᠬᠢᠯ ᠤᠨ ᠮᠡᠨᠳᠦᠴᠢᠯᠡᠯ ᠬᠦᠷᠭᠡᠵᠦ᠂ ᠬᠥᠬᠢᠭᠦᠯᠦᠯ ᠭᠥᠷᠳᠡᠭᠰᠡᠨ ᠬᠥᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠳᠤ ᠬᠠᠯᠠᠭᠤᠨ ᠪᠠᠶᠠᠷ ᠬᠦᠷᠭᠡᠪᠡ᠃ ᠲᠡᠷᠡ ᠬᠡᠯᠡᠬᠦ ᠳᠡᠭᠡᠨ᠂ ᠣᠳᠣᠬᠠᠨ ᠳᠤ ᠪᠥᠬᠦ ᠬᠤᠲᠠ ᠶᠠᠭ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠰᠢᠨ᠎ᠡ ᠵᠠᠮ ᠢ ᠨᠡᠭᠡᠭᠡᠬᠦ᠂ ᠠᠵᠤ ᠦᠢᠯᠡᠰ ᠢ ᠪᠣᠶᠢᠵᠢᠭᠤᠯᠬᠤ᠂ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠬᠦ᠂ ᠣᠷᠣᠨ ᠳᠡᠪᠰᠢᠬᠦ ᠪᠠᠷ ᠴᠢᠷᠮᠠᠶᠢᠬᠤ︾ ᠬᠠᠷᠠᠯᠲᠠ ᠳᠠᠰᠢ ᠴᠢᠷᠮᠠᠶᠢᠨ ᠤᠷᠤᠭᠰᠢᠯᠠᠬᠤ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠃ ᠥᠷᠭᠡᠨ ᠤᠯᠠᠨ ᠠᠵᠢᠯᠲᠠᠨ ᠠᠵᠢᠯᠴᠢᠨ ᠪᠣᠯᠣᠨ ᠬᠥᠳᠡᠯᠮᠦᠷᠢᠴᠢᠨ ᠲᠦᠮᠡᠨ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠢᠨ᠎ᠡ ᠴᠠᠭ ᠦᠶ᠎ᠡ ᠰᠢᠨ᠎ᠡ ᠠᠶᠠᠨ ᠠᠴᠠ ᠣᠯᠭᠤᠭᠰᠠᠨ ᠰᠢᠨ᠎ᠡ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠲᠡᠰᠪᠦᠷᠢ ᠬᠠᠲᠠᠭᠤᠵᠢᠯᠲᠠᠢ ᠲᠡᠮᠡᠴᠡᠵᠦ᠂ ᠠᠵᠢᠯ ᠤᠨ ᠦᠢᠯᠡᠳᠦᠯᠭᠡ ᠳᠤᠮᠳᠠ ᠦᠷᠭᠦᠯᠵᠢᠯᠡᠨ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃     ᠰᠦᠢ ᠸᠧᠢ ᠵᠢᠶᠦ᠋ᠨ᠂ ᠥᠷᠭᠡᠨ ᠤᠯᠠᠨ ᠠᠵᠢᠯᠲᠠᠨ ᠠᠵᠢᠯᠴᠢᠨ ᠪᠣᠯᠣᠨ ᠬᠥᠳᠡᠯᠮᠦᠷᠢᠴᠢᠨ ᠲᠦᠮᠡᠨ ᠤᠯᠤᠰ ᠲᠦᠷᠦ ᠶᠢᠨ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠳᠠᠭᠠᠨ ᠦᠨᠡᠨᠴᠢ ᠰᠢᠳᠤᠷᠭᠤ ᠮᠡᠷᠭᠡᠨ ᠬᠥᠮᠥᠨ ᠪᠣᠯᠬᠤ ᠬᠡᠷᠡᠭᠲᠡᠢ︔ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠬᠥᠭᠵᠢᠯᠲᠡ ᠶᠢ ᠠᠬᠢᠭᠤᠯᠬᠤ ᠭᠤᠣᠯ ᠬᠦᠴᠦᠨ ᠪᠣᠯᠬᠤ ᠬᠡᠷᠡᠭᠲᠡᠢ︔ ᠴᠠᠭᠠᠷᠠᠭᠰᠠᠨ ᠡᠷᠳᠡᠮ ᠴᠢᠳᠠᠪᠤᠷᠢ ᠶᠢ ᠪᠣᠯᠪᠠᠰᠤᠷᠠᠭᠤᠯᠵᠤ᠂ ᠤᠷ᠎ᠠ ᠮᠡᠷᠭᠡᠵᠢᠯ ᠳᠡᠭᠡᠨ ᠴᠠᠭᠠᠷᠠᠭᠰᠠᠨ ᠬᠥᠳᠡᠯᠮᠦᠷᠢᠴᠢᠨ ᠪᠣᠯᠬᠤ ᠬᠡᠷᠡᠭᠲᠡᠢ︔ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠷᠬᠢᠮ ᠳᠡᠭᠡᠳᠦ ᠵᠠᠩ ᠮᠣᠷᠠᠯ ᠲᠠᠢ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠯᠠᠨ ᠤ ᠦᠨᠳᠦᠰᠦᠨ ᠠᠰᠢᠭ ᠲᠤᠰᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠬᠦ ᠬᠡᠷᠡᠭᠲᠡᠢ᠃ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠨᠤᠭᠤᠳ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠠᠵᠢᠯᠴᠢᠨ ᠤ ᠡᠪᠯᠡᠯ ᠢ ᠦᠨᠡᠨ ᠬᠦ ᠥᠷᠭᠡᠨ ᠤᠯᠡᠠ ᠠᠵᠢᠯᠲᠠᠨ ᠠᠵᠢᠯᠴᠢᠨ ᠤᠴᠢᠷ ᠲᠠᠢ ᠪᠣᠯ ᠪᠤᠳᠦᠵᠦ ᠤᠯᠬᠤ᠂ ᠠᠵᠢᠯ ᠶᠠᠪᠤᠳᠠᠯ ᠪᠦᠲᠦᠭᠡᠬᠦ ᠳᠤ ᠡᠷᠢᠵᠦ ᠣᠯᠬᠤ᠂ ᠬᠦᠴᠢᠷ ᠪᠡᠷᠬᠡᠰᠢᠶᠡᠯ ᠲᠠᠢ ᠪᠣᠯ ᠲᠦᠰᠢᠵᠤ ᠳᠡᠶᠢᠯᠬᠦ ︽ᠠᠵᠢᠯᠲᠠᠨ ᠠᠵᠢᠯᠴᠢᠨ ᠤ ᠭᠡᠷ︾ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠤ ᠬᠡᠯᠡᠪᠡ᠃     ᠬᠤᠷᠠᠯ ᠢ ᠸᠢᠳᠢᠣ᠋ ᠤᠨ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃                                    ᠤᠷᠴᠢᠭᠤᠯᠤᠭᠴᠢ᠄ ᠬᠦᠰᠡᠯ                                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2