| ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 26 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ 26 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠷᠢᠯᠴᠠᠬᠤ ᠬᠤᠷᠠᠯ | ᠬᠤᠷᠠᠯᠳᠤᠭᠤᠯᠵᠤ᠂ ᠮᠠᠤ ᠽᠧ ᠳ᠋ᠦᠩ ᠨᠥᠬᠦᠷ ᠤᠨ ᠮᠡᠨᠳᠦᠯᠡᠭᠰᠡᠨ 130 ᠵᠢᠯ ᠤᠨ ᠣᠶ ᠶᠢ ᠳᠤᠷᠠᠰᠬᠠᠪᠠ᠃ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ | | | | | 12 ᠰᠠᠷ᠎ᠠ ᠶᠢᠨ 26 ᠤ ᠡᠳᠦᠷ᠂ ᠨᠠᠮ ᠤᠨ ᠲᠥᠪ ᠬᠤᠷᠢᠶ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠮᠠᠤ ᠽᠧ ᠳ᠋ᠦᠩ ᠨᠥᠬᠦᠷ ᠤᠨ ᠮᠡᠨᠳᠦᠯᠡᠭᠰᠡᠨ 130 ᠵᠢᠯ ᠤᠨ ᠣᠶ ᠶᠢ ᠳᠤᠷᠠᠰᠬᠠᠬᠤ ᠶᠠᠷᠢᠯᠴᠠᠬᠤ | ᠬᠤᠷᠠᠯ ᠬᠤᠷᠠᠯᠳᠤᠭᠤᠯᠪᠠ᠃ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ | ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠶᠠᠷᠢᠯᠴᠠᠬᠤ ᠬᠤᠷᠠᠯ ᠳᠤ ᠣᠷᠣᠯᠴᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠲᠡᠷᠡ᠂ ᠮᠠᠤ ᠽᠧ ᠳ᠋ᠦᠩ ᠨᠥᠬᠦᠷ ᠪᠣᠯ ᠠᠭᠤᠤ ᠶᠡᠭᠡ ᠮᠠᠷᠺᠰ ᠤᠨ ᠦᠵᠡᠯᠲᠡᠨ᠂ ᠦᠭᠡᠶᠢᠭᠦᠦ ᠠᠩᠭᠢ ᠶᠢᠨ | ᠠᠭᠤᠤ ᠶᠡᠭᠡ ᠬᠤᠪᠢᠰᠬᠠᠯᠴᠢ᠂ ᠪᠠᠶᠢᠯᠳᠤᠬᠤ ᠪᠣᠳᠣᠯᠭᠠᠲᠠᠨ᠂ ᠣᠨᠣᠯᠴᠢ ᠮᠥᠨ᠂ ᠮᠠᠷᠺᠰ ᠤᠨ ᠦᠵᠡᠯ ᠢ ᠳᠤᠮᠳᠠᠳᠤ | ᠤᠯᠤᠰᠴᠢᠯᠠᠬᠤ ᠠᠭᠤᠤ ᠶᠡᠭᠡ ᠡᠭᠦᠳᠦᠨ ᠨᠡᠭᠡᠭᠡᠭᠴᠢ᠂ ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠬᠤ | ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠠᠭᠤᠤ ᠶᠡᠭᠡ ᠰᠠᠭᠤᠷᠢᠯᠠᠭᠴᠢ ᠮᠥᠨ᠂ ᠣᠷᠴᠢᠨ ᠦᠶ᠎ᠡ ᠠᠴᠠ | ᠨᠠᠭᠠᠰᠢᠬᠢ ᠳᠤᠮᠳᠠᠳᠤ ᠤᠯᠤᠰ ᠤᠨ ᠠᠭᠤᠤ ᠶᠡᠭᠡ ᠤᠯᠤᠰ ᠢᠶᠠᠨ ᠬᠠᠶᠢᠷᠠᠯᠠᠭᠴᠢ ᠪᠠ ᠦᠨᠳᠦᠰᠦᠲᠡᠨ ᠤ ᠪᠠᠭᠠᠲᠤᠷ | ᠮᠥᠨ᠂ ᠨᠠᠮ ᠤᠨ ᠨᠢᠭᠡᠳᠦᠭᠡᠷ ᠦᠶ᠎ᠡ ᠶᠢᠨ ᠲᠥᠪ ᠬᠤᠷᠢᠶ᠎ᠠ ᠶᠢᠨ ᠤᠳᠤᠷᠢᠳᠬᠤ ᠬᠠᠮᠲᠤ ᠶᠢᠨ ᠭᠤᠣᠯᠯᠠᠭᠴᠢ ᠮᠥᠨ᠂ | ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠥᠪᠡᠷ ᠤᠨ ᠬᠤᠪᠢ ᠵᠠᠶᠠᠭ᠎ᠠ ᠪᠠ ᠤᠯᠤᠰ ᠣᠷᠣᠨ ᠤ | ᠳᠦᠷᠰᠦ ᠪᠠᠶᠢᠳᠠᠯ ᠢᠶᠠᠨ ᠲᠤᠶᠢᠯᠪᠤᠷᠢᠲᠠᠢ ᠬᠤᠪᠢᠷᠠᠭᠤᠯᠤᠭᠰᠠᠨ ᠨᠢᠭᠡᠨ ᠦᠶ᠎ᠡ ᠶᠢᠨ ᠠᠭᠤᠤ ᠶᠡᠭᠡ ᠬᠥᠮᠥᠨ ᠮᠥᠨ᠂ | ᠳᠡᠯᠡᠬᠡᠢ ᠶᠢᠨ ᠳᠠᠷᠤᠯᠠᠭᠳᠠᠵᠤ ᠪᠠᠶᠢᠭᠰᠠᠨ ᠦᠨᠳᠦᠰᠦᠲᠡᠨ ᠤ ᠴᠢᠯᠦᠭᠡᠯᠡᠯᠲᠡ ᠪᠠ ᠬᠥᠮᠥᠨ ᠲᠥᠷᠥᠯᠬᠢᠲᠡᠨ ᠤ | ᠲᠠᠪᠰᠢᠯᠳᠠ ᠶᠢᠨ ᠦᠢᠯᠡᠰ ᠲᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠠᠭᠤᠤ ᠶᠡᠭᠡ ᠢᠨᠲ᠋ᠧᠷᠨᠠᠼᠢᠣᠨᠠᠯ ᠤᠨ | ᠦᠵᠡᠯᠲᠡᠨ ᠮᠥᠨ᠃ ᠮᠠᠤ ᠽᠧ ᠳ᠋ᠦᠩ ᠤᠨ ᠦᠵᠡᠯ ᠰᠠᠨᠠᠭ᠎ᠠ ᠪᠣᠯ ᠮᠠᠨ ᠤ ᠨᠠᠮ ᠤᠨ ᠡᠷᠬᠢᠮ ᠨᠠᠨᠳᠢᠨ ᠤᠶᠦᠠ | ᠰᠠᠨᠠᠭᠠᠨ ᠤ ᠡᠳ᠋ ᠪᠠᠶᠠᠯᠢᠭ ᠮᠥᠨ ᠪᠣᠯᠬᠤᠷ ᠪᠢᠳᠡᠨ ᠤ ᠤᠢᠢᠯᠠ ᠠᠵᠢᠯᠯᠠᠭ᠎ᠠ ᠶᠢ ᠤᠷᠳᠦ ᠬᠤᠭᠤᠴᠠᠭ᠎ᠠ ᠪᠠᠷ | ᠵᠢᠯᠤᠭᠤᠳᠬᠤ ᠪᠣᠯᠣᠨ᠎ᠠ᠃ ᠮᠠᠤ ᠽᠧ ᠳ᠋ᠦᠩ ᠨᠥᠬᠦᠷ ᠢ ᠳᠤᠷᠠᠰᠬᠠᠬᠤ ᠬᠠᠮᠤᠭ ᠤᠨ ᠰᠠᠶᠢᠨ ᠠᠷᠭ᠎ᠠ ᠪᠣᠯ ᠳᠠᠷᠤᠢ | ᠲᠡᠭᠦᠨ ᠤ ᠡᠭᠦᠳᠦᠨ ᠪᠦᠲᠦᠭᠡᠭᠰᠡᠨ ᠦᠢᠯᠡᠰ ᠢ ᠦᠷᠭᠦᠯᠵᠢᠯᠡᠨ ᠤᠷᠤᠭᠰᠢ ᠠᠬᠢᠭᠤᠯᠬᠤ ᠶᠠᠪᠤᠳᠠᠯ ᠪᠣᠯᠣᠨ᠎ᠠ ᠭᠡᠵᠦ | ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠴᠢᠶᠠᠩ᠂ | ᠵᠤᠤ ᠯᠧ ᠵᠢᠢ᠂ ᠸᠠᠩ ᠬᠤ᠋ ᠨᠢᠩ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ | ᠵᠧᠩ ᠶᠠᠷᠢᠯᠴᠠᠬᠤ ᠬᠤᠷᠠᠯ ᠳᠤ ᠣᠷᠣᠯᠴᠠᠵᠤ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ ᠼᠠᠢ ᠴᠢ ᠶᠠᠷᠢᠯᠴᠠᠬᠤ ᠬᠤᠷᠠᠯ ᠢ ᠡᠷᠭᠢᠯᠡᠪᠡ᠃ | ᠰᠢ ᠶᠢᠨ ᠫᠢᠩ ᠶᠠᠷᠢᠶᠠᠨ ᠳᠠᠭᠠᠨ᠂ ᠮᠠᠤ ᠽᠧ ᠳ᠋ᠦᠩ ᠨᠥᠬᠦᠷ ᠤᠨ ᠨᠢᠭᠡ ᠨᠠᠰᠤ ᠪᠣᠯ ᠤᠯᠤᠰ ᠤᠨ ᠪᠠᠶᠠᠵᠢᠯ | ᠬᠦᠴᠦᠷᠬᠡᠭᠵᠢᠯ᠂ ᠦᠨᠳᠦᠰᠦᠲᠡᠨ ᠤ ᠬᠥᠭᠵᠢᠯ ᠮᠠᠨᠳᠤᠯ᠂ ᠠᠷᠠᠳ ᠲᠦᠮᠡᠨ ᠤ ᠵᠣᠯ ᠵᠢᠷᠭᠠᠯ ᠤᠨ ᠲᠥᠯᠥᠭᠡ | ᠴᠥᠬᠦᠷᠡᠰᠢ ᠦᠭᠡᠢ ᠲᠡᠮᠡᠴᠡᠭᠰᠡᠨ ᠨᠢᠭᠡ ᠨᠠᠰᠤ ᠮᠥᠨ᠃ ᠲᠡᠷᠡ ᠠᠷᠠᠳ ᠲᠦᠮᠡᠨ ᠢ ᠳᠠᠭᠠᠭᠤᠯᠤᠨ ᠮᠠᠷᠺᠰ ᠤᠨ | ᠦᠵᠡᠯ ᠢ ᠳᠤᠮᠳᠠᠳᠤ ᠤᠯᠤᠰᠴᠢᠯᠠᠬᠤ ᠲᠡᠦᠬᠡᠨ ᠠᠬᠢᠴᠠ ᠶᠢ ᠨᠡᠭᠡᠭᠡᠵᠦ᠂ ᠠᠭᠤᠤ ᠶᠡᠭᠡ ᠢᠷᠠᠭᠤ ᠠᠯᠳᠠᠷᠲᠠᠢ ᠵᠥᠪ | ᠣᠨᠣᠪᠴᠢᠲᠠᠢ ᠳᠤᠮᠳᠠᠳᠤ ᠤᠯᠤᠰ ᠤᠨ ᠡᠪ ᠬᠠᠮᠲᠤ ᠨᠠᠮ ᠢ ᠳᠠᠪᠲᠠᠨ ᠪᠤᠯᠪᠠᠰᠤᠷᠠᠭᠤᠯᠵᠤ᠂ ᠠᠷᠠᠳ ᠲᠦᠮᠡᠨ ᠡᠵᠡᠨ | ᠰᠠᠭᠤᠵᠤ ᠡᠷᠬᠡ ᠮᠡᠳᠡᠭᠰᠡᠨ ᠰᠢᠨ᠎ᠡ ᠳᠤᠮᠳᠠᠳᠤ ᠤᠯᠤᠰ ᠢ ᠪᠠᠶᠢᠭᠤᠯᠵᠤ᠂ ᠲᠡᠷᠢᠭᠦᠨ ᠤ ᠨᠡᠶᠢᠭᠡᠮ ᠵᠢᠷᠤᠮᠲᠤ | ᠪᠠᠶᠢᠭᠤᠯᠤᠯ ᠢ ᠡᠭᠦᠳᠦᠨ ᠪᠠᠶᠢᠭᠤᠯᠵᠤ᠂ ᠬᠠᠨᠳᠤᠭᠰᠠᠨ ᠵᠦᠭ ᠳᠠᠶᠢᠰᠤᠨ ᠦᠭᠡᠢ ᠰᠢᠨ᠎ᠡ ᠮᠠᠶ᠋ᠢᠭ ᠤᠨ ᠠᠷᠠᠳ ᠤᠨ | ᠴᠡᠷᠢᠭ ᠠᠩᠭᠢ ᠶᠢ ᠴᠣᠭᠴᠠᠯᠠᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠤᠯᠤᠰ ᠤᠨ ᠠᠷᠠᠳ | ᠲᠦᠮᠡᠨ ᠳᠤ ᠪᠠᠯᠠᠷᠠᠰᠢ ᠦᠭᠡᠢ ᠲᠡᠦᠬᠡᠨ ᠭᠠᠪᠢᠶ᠎ᠠ ᠵᠢᠳᠬᠦᠯ ᠪᠠᠶᠢᠭᠤᠯᠵᠤ᠂ ᠭᠡᠷᠡᠯ ᠰᠠᠴᠤᠷᠠᠩᠭᠤᠢ ᠥᠨᠢ ᠤᠳᠠᠭᠠᠨ | ᠲᠡᠦᠬᠡᠨ ᠬᠤᠪᠢ ᠨᠡᠮᠡᠷᠢ ᠦᠵᠡᠭᠦᠯᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠮᠠᠤ ᠽᠧ ᠳ᠋ᠦᠩ ᠨᠥᠬᠦᠷ ᠥᠪᠡᠷ ᠤᠨ ᠨᠢᠭᠡ ᠨᠠᠰᠤ ᠪᠠᠨ ᠨᠠᠮ ᠪᠣᠯᠣᠨ ᠠᠷᠠᠳ | ᠲᠦᠮᠡᠨ ᠳᠡᠭᠡᠨ ᠵᠣᠷᠢᠭᠤᠯᠵᠤ᠂ ᠬᠤᠵᠢᠮ ᠤᠨ ᠬᠥᠮᠥᠰ ᠢ ᠥᠨᠢᠳᠡ ᠵᠣᠷᠢᠭᠵᠢᠭᠤᠯᠬᠤ ᠡᠷᠬᠢᠮ ᠳᠡᠭᠡᠳᠦ ᠤᠶᠤᠨ | ᠰᠠᠨᠠᠭᠠᠨ ᠤ ᠬᠡᠪ ᠨᠠᠮᠪᠠ ᠶᠢ ᠦᠯᠡᠳᠡᠭᠡᠭᠰᠡᠨ ᠶᠤᠮ᠃ ᠮᠠᠤ ᠽᠧ ᠳ᠋ᠦᠩ ᠨᠥᠬᠦᠷ ᠨᠢᠭᠡᠨ ᠠᠭᠤᠤ ᠶᠡᠭᠡ | ᠬᠤᠪᠢᠰᠬᠠᠯ ᠤᠨ ᠤᠳᠤᠷᠢᠳᠤᠭᠴᠢ ᠶᠢᠨ ᠥᠨᠳᠥᠷ ᠲᠤ ᠵᠣᠭᠰᠣᠨ ᠠᠯᠤᠰ ᠢ ᠪᠠᠷᠠᠯᠠᠬᠤ ᠤᠯᠤᠰ ᠲᠦᠷᠦ ᠶᠢᠨ | ᠠᠯᠤᠰ ᠤᠨ ᠬᠠᠷᠠᠴᠠ᠂ ᠡᠷᠡᠰ ᠭᠤᠶᠢᠪᠢᠰᠢ ᠦᠭᠡᠢ ᠬᠤᠪᠢᠰᠬᠠᠯᠲᠤ ᠢᠲᠡᠭᠡᠯ ᠪᠢᠰᠢᠷᠡᠯ᠂ ᠵᠣᠷᠢᠭᠲᠠᠢ ᠪᠠᠷ ᠵᠠᠮ ᠨᠡᠭᠡᠭᠡᠬᠦ | ᠶᠡᠷᠦ ᠪᠤᠰᠤ ᠶᠢᠨ ᠰᠥᠰᠥ ᠵᠣᠷᠢᠭ᠂ ᠮᠠᠰᠢ ᠪᠣᠯᠪᠠᠰᠤᠷᠠᠩᠭᠤᠢ ᠲᠡᠮᠡᠴᠡᠯ ᠤᠨ ᠤᠷᠠᠯᠢᠭ᠂ ᠰᠢᠯᠭᠠᠷᠠᠭᠰᠠᠨ | ᠬᠡᠲᠦᠶᠢᠳᠦᠭᠰᠡᠨ ᠤᠳᠤᠷᠢᠳᠬᠤ ᠠᠪᠢᠶᠠᠰ ᠴᠢᠳᠠᠪᠤᠷᠢ᠂ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠭᠰᠠᠨ | ᠴᠢᠩ ᠦᠨᠡᠨᠴᠢ ᠰᠡᠳᠬᠢᠯᠭᠡ᠂ ᠬᠠᠨᠠᠭᠠᠷ ᠠᠭᠤᠳᠠᠮ ᠬᠡᠬᠦᠳᠡᠭ ᠴᠡᠭᠡᠵᠢ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ | ᠰᠢᠯᠢᠳᠡᠭ ᠰᠤᠷᠲᠠᠯ ᠢ ᠢᠯᠡᠷᠡᠭᠦᠯᠵᠦ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠬᠠᠶᠢᠷ᠎ᠠ ᠬᠦᠨᠳᠦᠳᠬᠡᠯ ᠪᠠ ᠬᠦᠨᠳᠦᠳᠬᠡᠯ ᠪᠢᠰᠢᠷᠡᠯ ᠢ ᠣᠯᠣᠭᠰᠠᠨ ᠪᠠᠶᠢᠨ᠎ᠠ᠂ ᠮᠠᠤ ᠽᠧ ᠳ᠋ᠦᠩ | ᠨᠥᠬᠦᠷ ᠤᠨ ᠡᠷᠬᠢᠮ ᠳᠡᠭᠡᠳᠦ ᠤᠶᠤᠨ ᠰᠠᠨᠠᠭᠠᠨ ᠤ ᠬᠡᠪ ᠨᠠᠮᠪᠠ ᠪᠣᠯ ᠪᠢᠳᠡᠨ ᠤ ᠦᠷᠭᠦᠯᠵᠢᠯᠡᠨ ᠤᠷᠤᠭᠰᠢᠯᠠᠬᠤ ᠶᠢ | ᠤᠷᠮᠠᠰᠢᠭᠤᠯᠤᠨ ᠵᠣᠷᠢᠭᠵᠢᠭᠤᠯᠬᠤ ᠡᠭᠦᠷᠢᠳᠡ ᠶᠢᠨ ᠬᠦᠴᠦᠷᠬᠡᠭ ᠶᠡᠭᠡ ᠬᠥᠳᠡᠯᠭᠡᠭᠴᠢ ᠬᠦᠴᠦᠨ ᠮᠥᠨ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ | ᠪᠦᠭᠦ ᠲᠠᠯ᠎ᠠ ᠪᠠᠷ ᠠᠬᠢᠭᠤᠯᠬᠤ ᠪᠣᠯ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ | ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠭᠤᠣᠯ ᠡᠭᠦᠷᠭᠡ ᠪᠣᠯᠣᠨ᠎ᠠ᠃ ᠡᠨᠡ ᠪᠣᠯ ᠮᠠᠤ ᠽᠧ ᠳ᠋ᠦᠩ ᠵᠡᠷᠭᠡ ᠠᠬᠠᠮᠠᠳ | ᠨᠢᠭᠡ ᠦᠶ᠎ᠡ ᠶᠢᠨ ᠬᠤᠪᠢᠰᠬᠠᠯᠴᠢᠳ ᠤᠨ ᠪᠡᠶᠡᠯᠡᠭᠦᠯᠦᠭᠡ ᠦᠭᠡᠢ ᠦᠢᠯᠡᠰ ᠮᠥᠨ᠂ ᠤᠳᠤ ᠦᠶ᠎ᠡ ᠶᠢᠨ ᠳᠤᠮᠳᠠᠳᠤ | ᠤᠯᠤᠰ ᠤᠨ ᠡᠪ ᠬᠠᠮᠲᠤᠴᠤᠳ ᠤᠨ ᠲᠥᠪ ᠴᠢᠩᠭ᠎ᠠ ᠲᠡᠦᠬᠡᠲᠦ ᠬᠠᠷᠢᠭᠤᠴᠠᠯᠭ᠎ᠠ ᠮᠥᠨ᠃ ᠰᠢᠨ᠎ᠡ ᠠᠶᠠᠨ ᠳᠠᠭᠠᠨ | ᠪᠢᠳᠡ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠡᠦᠬᠡ ᠶᠢᠨ | ᠢᠲᠡᠭᠡᠯ ᠢᠶᠠᠨ ᠪᠠᠲᠤᠳᠬᠠᠵᠤ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠠᠤᠭ᠎ᠠ ᠦᠢᠯᠡᠰ ᠢ ᠲᠠᠰᠤᠷᠠᠯᠲᠠ ᠦᠭᠡᠢ ᠤᠷᠤᠭᠰᠢ ᠠᠬᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠭᠦ ᠳᠤᠮᠳᠠᠳᠤ ᠤᠯᠤᠰ ᠤᠨ | ᠠᠷᠠᠳ ᠲᠦᠮᠡᠨ ᠤ ᠦᠢᠯᠡᠰ ᠮᠥᠨ᠂ ᠡᠷᠬᠡᠪᠰᠢ ᠠᠷᠠᠳ ᠲᠦᠮᠡᠨ ᠳᠤ ᠨᠢᠭᠲᠠ ᠲᠦᠰᠢᠭᠯᠡᠵᠦ᠂ ᠠᠷᠠᠳ ᠲᠦᠮᠡᠨ ᠤ | ᠳᠤᠮᠳᠠ ᠬᠠᠳᠠᠭᠠᠯᠠᠭᠳᠠᠵᠤ ᠪᠠᠶᠢᠭ᠎ᠠ ᠬᠢᠵᠠᠭᠠᠯᠠᠰᠢ ᠦᠭᠡᠢ ᠤᠶᠤᠨ ᠤᠬᠠᠭᠠᠨ ᠪᠣᠯᠣᠨ ᠬᠦᠴᠦᠨ ᠴᠢᠳᠠᠯ ᠢ | ᠨᠢᠭᠲᠠᠷᠠᠭᠤᠯᠵᠤ᠂ ᠪᠦᠭᠦ ᠠᠷᠠᠳ ᠲᠦᠮᠡᠨ ᠤ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠶᠢ ᠭᠦᠢᠴᠡᠳ | ᠬᠥᠭᠵᠢᠭᠡᠬᠦ ᠬᠡᠷᠡᠭᠲᠡᠢ᠃ ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠬᠦ ᠦᠨᠳᠦᠰᠦᠨ ᠬᠥᠳᠡᠯᠭᠡᠬᠦ ᠬᠦᠴᠦᠨ | ᠮᠥᠨ ᠭᠡᠬᠦ ᠲᠡᠦᠬᠡ ᠶᠢᠨ ᠪᠣᠳᠠᠰᠴᠢ ᠦᠵᠡᠯ ᠤᠨ ᠦᠨᠳᠦᠰᠦᠨ ᠦᠵᠡᠯᠲᠡ ᠶᠢ ᠪᠠᠷᠢᠮᠲᠠᠯᠠᠵᠤ᠂ ᠠᠷᠠᠳ ᠲᠦᠮᠡᠨ ᠤ | ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ | ᠦᠨᠳᠦᠰᠦᠨ ᠠᠰᠢᠭ ᠲᠤᠰᠠ ᠶᠢ ᠰᠠᠶᠢᠲᠤᠷ ᠬᠠᠮᠠᠭᠠᠯᠠᠬᠤ᠂ ᠰᠠᠶᠢᠲᠤᠷ ᠪᠡᠶᠡᠯᠡᠭᠦᠯᠬᠦ᠂ ᠰᠠᠶᠢᠲᠤᠷ ᠬᠥᠭᠵᠢᠭᠦᠯᠬᠦ ᠪᠠᠷ | ᠠᠯᠢᠪᠠ ᠠᠵᠢᠯ ᠤᠨ ᠵᠣᠷᠢᠯᠲᠠ ᠪᠠ ᠲᠤᠰᠤᠯᠲᠠ ᠪᠤᠯᠭᠠᠵᠤ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ | ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ ᠤᠯᠠᠨ ᠨᠡᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ᠃ | ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠳᠦᠷᠢᠮ ᠤᠨ ᠰᠢᠰᠲ᠋ᠧᠮ ᠢ ᠪᠦᠷᠢᠨᠰᠢᠭᠦᠯᠵᠦ᠂ ᠨᠡᠶᠢᠭᠡᠮ ᠤᠨ ᠲᠥᠪ | ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠠᠷᠠᠳ ᠤᠨ | ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠰᠢᠨ᠎ᠡ ᠴᠠᠭ ᠦᠶ᠎ᠡ ᠶᠢᠨ ᠤᠯᠠᠨ ᠲᠦᠮᠡᠨᠴᠢ ᠱᠤᠭᠤᠮ ᠢᠶᠠᠷ | ᠰᠠᠶᠢᠲᠤᠷ ᠵᠠᠮᠨᠠᠵᠤ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠶᠢ ᠢᠮᠠᠭᠲᠠ ᠪᠠᠲᠤᠯᠠᠵᠤ᠂ ᠢᠮᠠᠭᠲᠠ | ᠠᠷᠠᠳ ᠲᠦᠮᠡᠨ ᠤ ᠰᠢᠭᠦᠮᠵᠢᠯᠡᠯ ᠪᠠ ᠬᠢᠨᠠᠯᠲᠠ ᠶᠢ ᠬᠦᠯᠢᠶᠡᠵᠦ᠂ ᠢᠮᠠᠭᠲᠠ ᠠᠷᠠᠳ ᠲᠦᠮᠡᠨ ᠲᠠᠢ ᠠᠮᠢᠰᠬᠤᠭ᠎ᠠ | ᠨᠢᠭᠡᠲᠡᠢ᠂ ᠬᠤᠪᠢ ᠵᠠᠶᠠᠭ᠎ᠠ ᠨᠢᠭᠡᠲᠡᠢ᠂ ᠰᠡᠳᠬᠢᠯ ᠵᠢᠷᠦᠬᠡᠨ ᠤ ᠬᠤᠯᠪᠤᠭ᠎ᠠ ᠲᠠᠢ ᠪᠠᠶᠢᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠬᠠᠮᠤᠭ ᠤᠨ ᠨᠠᠶᠢᠳᠠᠪᠤᠷᠢᠲᠠᠢ᠂ ᠬᠠᠮᠤᠭ ᠤᠨ ᠭᠦᠨ ᠵᠤᠵᠠᠭᠠᠨ᠂ ᠬᠠᠮᠤᠭ ᠤᠨ | ᠤᠳᠠᠭᠠᠨ ᠳᠠᠭᠠᠭᠠᠮᠠᠭᠠᠢ ᠬᠦᠴᠦᠨ ᠴᠢᠳᠠᠯ ᠤᠨ ᠡᠬᠢ ᠰᠤᠷᠪᠤᠯᠵᠢ ᠲᠠᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠮᠠᠷᠺᠰ ᠤᠨ ᠦᠵᠡᠯ ᠢ ᠡᠷᠡᠰ ᠭᠤᠶᠢᠪᠢᠰᠢ ᠦᠭᠡᠢ ᠪᠠᠷᠢᠮᠲᠠᠯᠠᠨ᠂ ᠴᠠᠭ ᠦᠶ᠎ᠡ ᠲᠠᠢ | ᠵᠡᠷᠭᠡ ᠪᠠᠷ ᠤᠷᠤᠭᠰᠢᠯᠠᠨ ᠬᠥᠭᠵᠢᠭᠦᠯᠵᠦ᠂ ᠦᠢᠯᠡᠳᠦᠯᠭᠡ ᠶᠢᠨ ᠰᠠᠭᠤᠷᠢᠨ ᠳᠡᠭᠡᠷᠡᠬᠢ ᠤᠨᠤᠯ ᠤᠨ ᠰᠢᠨ᠎ᠡ | ᠡᠭᠦᠳᠦᠯᠲᠡ ᠶᠢ ᠶᠡᠭᠡ ᠪᠠᠷ ᠠᠬᠢᠭᠤᠯᠵᠤ᠂ ᠤᠬᠠᠮᠰᠠᠷ ᠠᠴᠠ ᠪᠠᠨ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ | ᠮᠠᠷᠺᠰ ᠤᠨ ᠦᠵᠡᠯ ᠢᠶᠠᠷ ᠰᠢᠨ᠎ᠡ ᠦᠢᠯᠡᠳᠦᠯᠭᠡ ᠶᠢ ᠵᠢᠯᠣᠭᠤᠳᠤᠭᠤᠯᠬᠤ ᠪᠣᠯ ᠮᠠᠨ ᠤ ᠨᠠᠮ ᠤᠨ ᠲᠡᠦᠬᠡ ᠶᠢᠨ | ᠰᠠᠨᠠᠭᠠᠴᠢᠯᠠᠭ᠎ᠠ ᠶᠢ ᠡᠵᠡᠮᠳᠡᠵᠦ᠂ ᠴᠠᠭ ᠦᠶ᠎ᠡ ᠶᠢᠨ ᠠᠯᠬᠤᠭ᠎ᠠ ᠶᠢ ᠲᠠᠭᠠᠵᠤ᠂ ᠠᠵᠢᠯ ᠦᠢᠯᠡᠰ ᠤᠨ ᠬᠥᠭᠵᠢᠯᠲᠡ ᠶᠢᠨ | ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠠᠮᠵᠢᠯᠲᠠ ᠲᠠᠢ ᠠᠷᠭ᠎ᠠ ᠵᠠᠮ ᠮᠥᠨ᠃ ᠦᠢᠯᠡᠳᠦᠯᠭᠡ ᠬᠡᠵᠢᠶᠡᠳᠡ | ᠳᠠᠭᠤᠰᠤᠰᠢ ᠦᠭᠡᠢ᠂ ᠤᠨᠤᠯ ᠤᠨ ᠰᠢᠨ᠎ᠡ ᠡᠭᠦᠳᠦᠯᠲᠡ ᠬᠡᠵᠢᠶᠡᠳᠡ ᠳᠠᠭᠤᠰᠤᠰᠢ ᠦᠭᠡᠢ᠂ ᠦᠨᠡᠨ ᠶᠣᠰᠣ ᠶᠢ ᠲᠠᠨᠢᠬᠤ | ᠶᠠᠪᠤᠳᠠᠯ ᠬᠡᠵᠢᠶᠡᠳᠡ ᠳᠠᠭᠤᠰᠤᠰᠢ ᠦᠭᠡᠢ ᠶᠤᠮ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ | ᠦᠶᠡᠴᠢᠯᠡᠬᠦ ᠰᠢᠨ᠎ᠡ ᠠᠬᠤᠢ ᠪᠠᠶᠢᠳᠠᠯ ᠢ ᠲᠠᠰᠤᠷᠠᠯᠲᠠ ᠦᠭᠡᠢ ᠨᠡᠭᠡᠭᠡᠬᠦ ᠬᠡᠷᠡᠭᠲᠡᠢ᠃ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠨᠢ ᠨᠠᠮ ᠤᠨ ᠤᠨᠤᠯ ᠤᠨ ᠰᠢᠨ᠎ᠡ ᠡᠭᠦᠳᠦᠯᠲᠡ ᠳᠤ ᠥᠷᠭᠡᠨ ᠠᠭᠤᠳᠠᠮ ᠠᠯᠤᠰ | ᠢᠷᠡᠭᠡᠳᠦᠢ ᠶᠢ ᠨᠡᠭᠡᠭᠡᠨ ᠥᠭᠴᠦ᠂ ᠨᠡᠩ ᠪᠡᠷᠬᠡ ᠬᠠᠲᠠᠭᠤᠵᠢᠯᠲᠠᠢ ᠰᠢᠨ᠎ᠡ ᠡᠭᠦᠷᠭᠡ ᠳᠤᠷᠠᠳᠴᠠᠢ᠃ ᠮᠠᠷᠺᠰ ᠤᠨ | ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣ ᠶᠢ ᠭᠦᠨᠵᠡᠭᠡᠢ ᠬᠠᠶᠢᠨ ᠰᠦᠪᠡᠭᠴᠢᠯᠡᠵᠦ᠂ | ᠦᠢᠯᠡᠳᠦᠯᠭᠡ ᠳᠤ ᠲᠤᠯᠭᠠᠷᠠᠭᠰᠠᠨ ᠴᠣ ᠰᠢᠨ᠎ᠡ ᠰᠡᠳᠦᠪ ᠢ ᠲᠠᠰᠤᠷᠠᠯᠲᠠ ᠦᠭᠡᠢ ᠬᠠᠷᠢᠭᠤᠯᠵᠤ᠂ ᠤᠨᠤᠯ ᠤᠨ ᠰᠢᠨ᠎ᠡ | ᠡᠭᠦᠳᠦᠯᠲᠡ ᠪᠠᠷ ᠦᠢᠯᠡᠳᠦᠯᠭᠡ ᠶᠢᠨ ᠰᠢᠨ᠎ᠡ ᠡᠭᠦᠳᠦᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠵᠢᠭᠠᠵᠤ | ᠭᠠᠷᠭᠠᠵᠠᠢ᠃ | ᠰᠢ ᠶᠢᠨ ᠫᠢᠩ᠂ ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠲᠣᠮᠣ | ᠠᠯᠬᠤᠮ ᠢᠶᠠᠷ ᠴᠠᠭ ᠦᠶ᠎ᠡ ᠶᠢ ᠬᠥᠭᠡᠭᠡᠵᠦ ᠭᠦᠢᠴᠡᠬᠦ ᠴᠢᠬᠤᠯᠠ ᠡᠷᠳᠡᠨᠢ ᠪᠣᠯᠣᠨ᠎ᠠ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠢᠯᠠᠵᠤ ᠢᠯᠠᠭᠳᠠᠬᠤ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠪᠣᠯᠣᠨ᠎ᠠ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ᠂ ᠡᠷᠬᠡᠪᠰᠢ ᠥᠭᠡᠷᠡᠴᠢᠯᠡᠯᠲᠡ | ᠨᠡᠭᠡᠭᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ | ᠦᠭᠡᠢ ᠴᠢᠯᠦᠭᠡᠯᠡᠨ ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ ᠬᠦᠴᠦᠨ ᠢ ᠴᠢᠯᠦᠭᠡᠯᠡᠨ ᠴᠢᠩᠭᠠᠷᠠᠭᠤᠯᠬᠤ | ᠬᠡᠷᠡᠭᠲᠡᠢ᠃ ᠴᠠᠭ ᠦᠶ᠎ᠡ ᠶᠢᠨ ᠬᠥᠭᠵᠢᠯᠲᠡ ᠶᠢᠨ ᠰᠢᠨ᠎ᠡ ᠬᠠᠨᠳᠤᠰᠢ᠂ ᠦᠢᠯᠡᠳᠦᠯᠭᠡ ᠶᠢᠨ ᠬᠥᠭᠵᠢᠯᠲᠡ ᠶᠢᠨ ᠰᠢᠨ᠎ᠡ | ᠱᠠᠭᠠᠷᠳᠠᠯᠭ᠎ᠠ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠳᠤ ᠵᠣᠬᠢᠴᠠᠵᠤ᠂ ᠥᠭᠡᠷᠡᠴᠢᠯᠡᠯᠲᠡ ᠶᠢ ᠡᠴᠦᠰ ᠲᠤᠨᠢ | ᠲᠤᠯᠲᠠᠯ᠎ᠠ ᠬᠢᠬᠦ ᠡᠷᠡᠰ ᠵᠣᠷᠢᠭ ᠢᠶᠠᠷ᠂ ᠦᠨᠡᠨ ᠬᠦ ᠬᠢᠵᠦ᠂ ᠬᠠᠲᠠᠭᠤ ᠲᠠᠢ ᠬᠠᠯᠳᠠᠵᠤ᠂ ᠤᠨᠢᠨ ᠳᠡᠭᠡᠷ᠎ᠡ ᠨᠢ | ᠬᠦᠴᠦᠯᠡᠵᠦ᠂ ᠬᠠᠮᠵᠢᠯᠴᠠᠨ ᠬᠦᠴᠦᠯᠡᠵᠦ᠂ ᠦᠷᠭᠦᠯᠵᠢᠯᠡᠨ ᠬᠦᠴᠦᠯᠡᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠤᠷᠤᠭᠰᠢᠲᠠᠢ ᠠᠭᠢᠬᠤ ᠶᠢ ᠬᠢᠵᠠᠭᠠᠷᠯᠠᠵᠤ ᠪᠠᠶᠢᠭ᠎ᠠ ᠠᠯᠢᠪᠠ ᠪᠠᠶᠢᠭᠤᠯᠤᠮᠵᠢ ᠲᠣᠭᠲᠠᠴᠠ ᠶᠢᠨ | ᠬᠠᠷᠰᠢ ᠰᠠᠭᠠᠳ ᠢ ᠡᠷᠡᠰ ᠠᠷᠢᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠰᠢᠨ᠎ᠡ | ᠬᠥᠳᠡᠯᠭᠡᠬᠦ ᠬᠦᠴᠦᠨ ᠢ ᠪᠦᠭᠦ ᠲᠠᠯ᠎ᠠ ᠪᠠᠷ ᠲᠠᠰᠤᠷᠠᠯᠳᠠ ᠦᠭᠡᠢ ᠨᠡᠮᠡᠷᠢᠯᠡᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠬᠥᠭᠵᠢᠯᠲᠡ ᠶᠢᠨ ᠣᠷᠣᠨ ᠵᠠᠢ ᠶᠢ ᠲᠠᠰᠤᠷᠠᠯᠳᠠ ᠦᠭᠡᠢ ᠥᠷᠭᠡᠳᠬᠡᠬᠦ ᠬᠡᠷᠡᠭᠲᠡᠢ ᠭᠡᠵᠦ | ᠴᠢᠬᠤᠯᠠᠴᠢᠯᠠᠵᠠᠢ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠣᠳᠣᠬᠢᠴᠢᠯᠠᠯᠲᠠ ᠮᠥᠨ᠂ ᠭᠠᠭᠴᠠ ᠬᠦ ᠶᠡᠭᠡ ᠨᠠᠮ ᠤᠨ | ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠪᠥᠭᠡᠳ ᠡᠷᠡᠰ ᠪᠠᠲᠤ ᠪᠠᠶᠢᠳᠠᠯ ᠢᠶᠠᠨ ᠴᠠᠭ ᠢᠮᠠᠭᠲᠠ | ᠪᠠᠲᠤᠯᠠᠵᠤ᠂ ᠨᠠᠮ ᠢᠶᠠᠨ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠪᠠᠯ ᠰᠠᠶ᠋ᠢ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠳᠠᠪᠠᠯᠭᠠᠨ ᠢ ᠰᠥᠷᠦᠨ ᠤᠷᠤᠭᠰᠢᠯᠠᠵᠤ᠂ ᠯᠠᠪᠳᠠᠭᠤᠨ ᠢᠶᠠᠷ ᠬᠤᠯᠠ ᠠᠶᠠᠯᠠᠵᠤ | ᠴᠢᠳᠠᠨ᠎ᠠ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢᠨ ᠡᠯ᠎ᠡ | ᠵᠦᠢᠯ ᠤᠨ ᠠᠵᠢᠯ ᠢ ᠶᠡᠷᠦᠩᠬᠡᠶᠢᠯᠡᠨ ᠵᠢᠯᠣᠭᠤᠳᠤᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ | ᠪᠦᠷᠢᠨᠰᠢᠭᠦᠯᠵᠦ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ | ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠶᠢ ᠪᠦᠭᠦ ᠲᠠᠯ᠎ᠠ ᠪᠠᠷ ᠠᠬᠢᠭᠤᠯᠵᠤ᠂ ᠢᠯᠵᠠᠷᠠᠬᠤ ᠠᠴᠠ ᠵᠢᠷᠦᠬᠡᠰᠢᠶᠡᠬᠦ᠂ | ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ | ᠪᠠᠷᠢᠮᠲᠠᠯᠠᠵᠤ᠂ ᠮᠠᠨ ᠤ ᠨᠠᠮ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠴᠠᠭ ᠦᠶ᠎ᠡ ᠶᠢᠨ | ᠡᠮᠦᠨ᠎ᠡ ᠡᠩᠨᠡᠭᠡᠨ ᠳᠤ ᠤᠷᠤᠭᠰᠢᠯᠠᠭᠤᠯᠵᠤ᠂ ᠢᠮᠠᠭᠲᠠ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠲᠠᠢ | ᠪᠠᠶᠢᠯᠭᠠᠵᠤ᠂ ᠮᠠᠨ ᠤ ᠨᠠᠮ ᠢ ᠡᠭᠦᠷᠢᠳᠡ ᠴᠢᠨᠠᠷ ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠢ᠂ ᠰᠤᠷᠲᠠᠯ | ᠬᠤᠪᠢᠷᠠᠬᠤ ᠦᠭᠡᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠪᠦᠭᠦ ᠳᠤᠮᠳᠠᠳᠤ ᠶᠢᠨ | ᠬᠥᠪᠡᠭᠦᠳ ᠥᠬᠢᠳ ᠤᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠤ ᠪᠠᠷ ᠠᠤᠭ᠎ᠠ ᠦᠢᠯᠡᠰ ᠢ | ᠪᠦᠲᠦᠭᠡᠬᠦ ᠶᠢ ᠱᠠᠭᠠᠷᠳᠠᠨ᠎ᠠ᠃ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ | ᠰᠢᠶᠠᠩᠭᠠᠡᠭᠴᠤᠳ ᠰᠢᠶᠠᠩᠭᠠᠩ ᠢᠶᠠᠨ ᠵᠠᠰᠠᠬᠤ︾᠂ ︽ᠣᠣᠮᠧᠨᠨᠴᠤᠳ ᠣᠣᠮᠧᠨ ᠢᠶᠠᠨ ᠵᠠᠰᠠᠬᠤ︾᠂ ᠳᠡᠭᠡᠳᠦ | ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠭᠦ ᠲᠠᠯ᠎ᠠ ᠪᠠᠷ ᠵᠥᠪ ᠣᠨᠣᠪᠴᠢᠲᠠᠢ᠂ ᠡᠷᠡᠰ ᠭᠤᠶᠢᠪᠢᠰᠢ | ᠦᠭᠡᠢ ᠲᠤᠭᠤᠰᠢᠯᠠᠭᠤᠯᠵᠤ᠂ ᠬᠠᠤᠯᠢ ᠶᠣᠰᠣᠭᠠᠷ ᠰᠢᠶᠠᠩᠭᠠᠩ ᠣᠣᠮᠧᠨ ᠢ ᠵᠠᠰᠠᠬᠤ ᠶᠢ ᠪᠠᠷᠢᠮᠲᠠᠯᠠᠵᠤ᠂ ︽ᠨᠢᠭᠡ | ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠠᠶᠢᠭᠤᠯᠤᠯ ᠤᠨ ᠰᠢᠰᠲ᠋ᠧᠮ ᠢ ᠪᠠᠷᠢᠮᠲᠠᠯᠠᠨ ᠲᠡᠭᠦᠯᠳᠡᠷᠵᠢᠭᠦᠯᠵᠦ᠂ | ᠲᠥᠪ ᠤᠨ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠨᠠᠶᠢᠳᠠᠪᠤᠷᠢᠵᠢᠭᠤᠯᠵᠤ᠂ ︽ᠤᠯᠤᠰ ᠢᠶᠠᠨ ᠬᠠᠶᠢᠷᠠᠯᠠᠬᠤ | ᠬᠥᠮᠥᠰ ᠢᠶᠠᠷ ᠰᠢᠶᠠᠩᠭᠠᠩ ᠢ ᠵᠠᠰᠠᠭᠤᠯᠬᠤ︾᠂ ︽ᠤᠯᠤᠰ ᠢᠶᠠᠨ ᠬᠠᠶᠢᠷᠠᠯᠠᠬᠤ ᠬᠥᠮᠥᠰ ᠢᠶᠠᠷ ᠣᠣᠮᠧᠨ ᠢ ᠵᠠᠰᠠᠭᠤᠯᠬᠤ | ︾ ᠵᠠᠷᠴᠢᠮ ᠢ ᠨᠠᠶᠢᠳᠠᠪᠤᠷᠢᠵᠢᠭᠤᠯᠵᠤ᠂ ᠲᠥᠪ ᠤᠨ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠪᠠ ᠵᠠᠰᠠᠭ | ᠵᠠᠬᠢᠷᠭᠠᠨ ᠤ ᠣᠨᠴᠠᠭᠠᠢ ᠣᠷᠣᠨ ᠤ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠡᠷᠬᠡ ᠶᠢᠨ ᠨᠢᠭᠡᠳᠦᠯ ᠢ | ᠪᠠᠲᠤᠯᠠᠬᠤ ᠶᠢ ᠪᠠᠷᠢᠮᠲᠠᠯᠠᠬᠤ ᠬᠡᠷᠡᠭᠲᠡᠢ᠃ ᠰᠢᠶᠠᠩᠭᠠᠩ᠂ ᠣᠣᠮᠧᠨ ᠤ ᠠᠵᠤ ᠠᠬᠤᠢ ᠪᠠᠨ ᠬᠥᠭᠵᠢᠭᠦᠯᠬᠦ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠶᠢ ᠳᠡᠮᠵᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠭᠦᠨ | ᠳᠠᠪᠬᠤᠷᠭ᠎ᠠ ᠶᠢᠨ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠵᠦ᠂ ᠤᠯᠤᠰ ᠣᠷᠣᠨ ᠤ ᠬᠥᠭᠵᠢᠯᠲᠡ ᠶᠢᠨ ᠶᠡᠭᠡ | ᠲᠠᠯ᠎ᠠ ᠳᠤ ᠨᠡᠩ ᠰᠠᠶᠢᠲᠤᠷ ᠠᠭᠤᠰᠤᠯᠴᠠᠭᠤᠯᠬᠤ ᠬᠡᠷᠡᠭᠲᠡᠢ᠃ ᠡᠬᠡ ᠣᠷᠣᠨ ᠤ ᠪᠦᠷᠢᠨ ᠨᠢᠭᠡᠳᠦᠯ ᠢ ᠪᠡᠶᠡᠯᠡᠭᠦᠯᠬᠦ ᠪᠣᠯ | ᠴᠠᠭ ᠤᠨ ᠪᠠᠶᠢᠳᠠᠯ ᠤᠨ ᠬᠠᠨᠳᠤᠰᠢ᠂ ᠲᠥᠪ ᠶᠣᠰᠣᠨ ᠤ ᠬᠠᠨᠳᠤᠰᠢ᠂ ᠠᠷᠠᠳ ᠤᠨ ᠰᠡᠳᠬᠢᠯ ᠤᠨ ᠬᠠᠨᠳᠤᠰᠢ ᠮᠥᠨ᠂ | ᠡᠬᠡ ᠣᠷᠣᠨ ᠡᠷᠬᠡᠪᠰᠢ ᠨᠢᠭᠡᠳᠬᠦ ᠬᠡᠷᠡᠭᠲᠡᠢ ᠪᠥᠭᠡᠳ ᠵᠠᠶᠢᠯᠠᠰᠢ ᠦᠭᠡᠢ ᠨᠢᠭᠡᠳᠬᠦ ᠶᠤᠮ᠃ ᠰᠢᠨ᠎ᠡ ᠴᠠᠭ ᠦᠶ᠎ᠡ ᠶᠢᠨ | ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠪᠠᠷᠢᠮᠲᠠᠯᠠᠨ | ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ | ᠲᠠᠨᠢᠯᠲᠠ︾ ᠶᠢ ᠪᠠᠷᠢᠮᠲᠠᠯᠠᠨ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠡᠯ᠎ᠡ ᠬᠦᠷᠢᠶᠡᠨ ᠤ ᠠᠭᠤᠰᠤᠯᠴᠠᠨ | ᠬᠥᠭᠵᠢᠬᠦ ᠶᠢ ᠭᠦᠨᠵᠡᠭᠡᠶᠢᠷᠡᠭᠦᠯᠵᠦ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠬᠠᠷᠢᠴᠠᠭ᠎ᠠ ᠶᠢᠨ | ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠤᠨ᠂ ᠶᠠᠮᠠᠷᠪᠠ ᠬᠥᠮᠥᠨ ᠤ ᠶᠠᠮᠠᠷᠪᠠ ᠠᠷᠭ᠎ᠠ ᠮᠠᠶ᠋ᠢᠭ ᠢᠶᠠᠷ ᠲᠠᠶᠢᠸᠠᠨ ᠢ | ᠳᠤᠮᠳᠠᠳᠤ ᠤᠯᠤᠰ ᠠᠴᠠ ᠬᠠᠭᠠᠴᠠᠭᠤᠯᠤᠨ ᠰᠠᠯᠭᠠᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠡᠩᠬᠡ ᠲᠠᠶᠢᠪᠤᠩ | ᠬᠥᠭᠵᠢᠯᠲᠡ ᠶᠢᠨ ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ᠂ ᠳᠤᠮᠳᠠᠳᠤ ᠤᠯᠤᠰ ᠤᠨ ᠠᠷᠠᠳ ᠲᠦᠮᠡᠨ ᠳᠤ ᠪᠤᠶᠠᠨ | ᠦᠢᠯᠡᠳᠬᠦ ᠪᠥᠭᠡᠳ ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠶᠢ ᠠᠬᠢᠭᠤᠯᠤᠨ᠎ᠠ᠃ ᠪᠢᠳᠡ ᠡᠷᠡᠰ | ᠪᠠᠲᠤ ᠪᠠᠷ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠶᠢᠨ | ᠲᠠᠯ᠎ᠠ ᠳᠤ ᠵᠣᠭᠰᠣᠵᠤ᠂ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠳᠡᠭᠦ | ᠲᠤᠭ ᠢ ᠥᠨᠳᠥᠷ ᠮᠠᠨᠳᠤᠭᠤᠯᠵᠤ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ | ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ | ᠥᠨᠢ ᠤᠳᠠᠭᠠᠨ ᠡᠩᠬᠡ ᠲᠠᠶᠢᠪᠤᠩ᠂ ᠨᠡᠶᠢᠳᠡᠮ ᠳᠡᠭᠡᠨ ᠠᠮᠤᠷ ᠲᠦᠪᠰᠢᠨ᠂ ᠬᠠᠮᠲᠤ ᠪᠠᠷ ᠴᠡᠴᠡᠭᠯᠡᠨ ᠬᠥᠭᠵᠢᠭᠰᠡᠨ᠂ | ᠨᠡᠭᠡᠭᠡᠯᠲᠡᠲᠡᠢ ᠪᠠᠭᠲᠠᠭᠠᠮᠵᠢᠲᠠᠢ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ | ᠪᠠᠶᠢᠭᠤᠯᠬᠤ ᠶᠢ ᠠᠬᠢᠭᠤᠯᠤᠨ᠎ᠠ᠃ ᠪᠢᠳᠡ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠡᠷᠡᠰ | ᠬᠠᠮᠠᠭᠠᠯᠠᠵᠤ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠵᠥᠪ ᠴᠢᠭᠯᠡᠯ ᠢ ᠪᠠᠷᠢᠮᠲᠠᠯᠠᠵᠤ᠂ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠭᠦᠷᠳᠡᠭᠦ ᠨᠡᠭᠡᠭᠡᠯᠲᠡᠲᠤ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠪᠦᠭᠦ | ᠪᠥᠮᠪᠥᠷᠴᠡᠭ ᠤᠨ ᠵᠠᠰᠠᠯᠲᠠ ᠶᠢᠨ ᠬᠤᠪᠢᠰᠤᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ | ᠬᠥᠭᠵᠢᠬᠦ ᠶᠢ ᠠᠬᠢᠭᠤᠯᠤᠨ᠎ᠠ᠃ ᠳᠤᠮᠳᠠᠳᠤ ᠤᠯᠤᠰ ᠤᠨ ᠬᠥᠭᠵᠢᠯᠲᠡ ᠪᠣᠯ ᠳᠡᠯᠡᠬᠡᠢ ᠶᠢᠨ ᠡᠩᠬᠡ ᠲᠠᠶᠢᠪᠤᠩ ᠤᠨ | ᠬᠦᠴᠦᠨ ᠤ ᠨᠡᠮᠡᠭᠳᠡᠯ ᠮᠥᠨ᠂ ᠬᠥᠭᠵᠢᠭᠡᠳ ᠶᠠᠮᠠᠷ ᠬᠡᠮᠵᠢᠶᠡᠨ ᠳᠤ ᠭᠦᠷᠦᠭᠰᠡᠨ ᠴᠦ ᠳᠤᠮᠳᠠᠳᠤ ᠤᠯᠤᠰ ᠬᠡᠵᠢᠶᠡᠳᠡ | ᠡᠵᠡᠷᠬᠡᠭᠴᠢ ᠪᠤᠯᠬᠤ ᠦᠭᠡᠢ᠂ ᠬᠡᠵᠢᠶᠡᠳᠡ ᠥᠷᠭᠡᠳᠬᠡᠯ ᠬᠢᠬᠦ ᠦᠭᠡᠢ ᠭᠡᠵᠦ ᠴᠢᠬᠤᠯᠠᠴᠢᠯᠠᠪᠠ᠃ | ᠼᠠᠢ ᠴᠢ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠮᠠᠤ | ᠽᠧ ᠳ᠋ᠦᠩ ᠨᠥᠬᠦᠷ ᠤᠨ ᠳᠤᠮᠳᠠᠳᠤ ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ ᠶᠢ ᠤᠳᠤᠷᠢᠳᠤᠭᠰᠠᠨ | ᠠᠭᠤᠤ ᠶᠡᠭᠡ ᠦᠢᠯᠡᠳᠦᠯᠭᠡ ᠶᠢ ᠭᠦᠨᠵᠡᠭᠡᠢ ᠡᠷᠭᠢᠴᠡᠭᠦᠯᠵᠦ᠂ ᠮᠠᠤ ᠽᠧ ᠳ᠋ᠦᠩ ᠨᠥᠬᠦᠷ ᠤᠨ ᠳᠤᠮᠳᠠᠳᠤ ᠶᠢᠨ | ᠦᠨᠳᠦᠰᠦᠲᠡᠨ᠂ ᠳᠤᠮᠳᠠᠳᠤ ᠤᠯᠤᠰ ᠤᠨ ᠠᠷᠠᠳ ᠲᠦᠮᠡᠨ ᠳᠤ ᠪᠠᠶᠢᠭᠤᠯᠤᠭᠰᠠᠨ ᠠᠭᠤᠤ ᠭᠠᠪᠢᠶ᠎ᠠ ᠠᠤᠭ᠎ᠠ | ᠵᠢᠳᠬᠦᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠮᠠᠤ ᠽᠧ ᠳ᠋ᠦᠩ ᠨᠥᠬᠦᠷ ᠤᠨ ᠡᠷᠬᠢᠮ ᠳᠡᠭᠡᠳᠦ ᠤᠶᠤᠨ ᠰᠠᠨᠠᠭᠠᠨ ᠤ | ᠬᠡᠪ ᠨᠠᠮᠪᠠᠭ᠎ᠠ ᠪᠣᠯ ᠪᠢᠳᠡᠨ ᠤ ᠦᠷᠭᠦᠯᠵᠢᠯᠡᠨ ᠤᠷᠤᠭᠰᠢᠯᠠᠬᠤ ᠶᠢ ᠤᠷᠮᠠᠰᠢᠭᠤᠯᠤᠨ ᠵᠣᠷᠢᠭᠵᠢᠭᠤᠯᠬᠤ ᠬᠦᠴᠦᠷᠬᠡᠭ | ᠶᠡᠭᠡ ᠬᠥᠳᠡᠯᠭᠡᠬᠦ ᠬᠦᠴᠦᠨ ᠮᠥᠨ ᠭᠡᠵᠦ ᠴᠢᠬᠤᠯᠠᠴᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠮᠠᠤ ᠽᠧ ᠳ᠋ᠦᠩ | ᠨᠥᠬᠦᠷ ᠢ ᠳᠤᠷᠠᠰᠬᠠᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠤᠭ᠎ᠠ ᠦᠢᠯᠡᠰ ᠢ | ᠠᠬᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶ᠎ᠠ ᠨᠢ ᠰᠣᠳᠣ ᠮᠡᠷᠭᠡᠨ᠂ ᠨᠠᠷᠢᠨ ᠲᠣᠳᠣᠷᠬᠠᠢ ᠭᠦᠨ ᠭᠦᠨᠵᠡᠭᠡᠢ ᠪᠠᠶᠢᠵᠤ᠂ ᠮᠠᠰᠢ ᠴᠢᠩᠭ᠎ᠠ ᠤᠯᠤᠰ ᠲᠥᠷᠥᠴᠢ | ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠮᠠᠨ ᠤ ᠨᠠᠮ ᠤᠨ ᠮᠠᠤ ᠽᠧ ᠳ᠋ᠦᠩ | ᠨᠥᠬᠦᠷ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠡᠭᠦᠳᠦᠨ ᠪᠦᠲᠦᠭᠡᠭᠰᠡᠨ ᠦᠢᠯᠡᠰ ᠢ | ᠦᠷᠭᠦᠯᠵᠢᠯᠡᠨ ᠤᠷᠤᠭᠰᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ | ᠵᠠᠮᠨᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠰᠢᠨ᠎ᠡ ᠪᠠᠶᠢᠳᠠᠯ ᠢ ᠪᠤᠶ | ᠪᠤᠯᠭᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠪᠡ᠃ | ᠶᠠᠷᠢᠯᠴᠠᠬᠤ ᠬᠤᠷᠠᠯ ᠳᠡᠭᠡᠷ᠎ᠡ᠂ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ | ᠬᠦᠷᠢᠶᠡᠯᠡᠩ ᠤᠨ ᠳᠠᠷᠤᠭ᠎ᠠ ᠴᠢᠦᠢ ᠴᠢᠩ ᠱᠠᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠤᠨ ᠡᠷᠭᠢᠯᠡᠭᠴᠢ | ᠮᠢᠶᠣᠣ ᠬᠤᠸᠠ᠂ ᠬᠤᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠱᠧᠨ ᠰᠢᠶᠣᠣ ᠮᠢᠩ ᠤᠷᠢᠳ ᠬᠤᠵᠢᠳ | ᠦᠭᠡ ᠬᠡᠯᠡᠪᠡ᠃ | ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ | ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ | ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃ | ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠡᠭᠡᠵᠢᠩ | ᠬᠤᠳᠠ᠂ ᠬᠤᠨᠠᠨ ᠮᠤᠵᠢ ᠶᠢᠨ ᠨᠠᠮ ᠤᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ | ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ | ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ᠂ ᠮᠠᠤ ᠽᠧ ᠳ᠋ᠦᠩ ᠨᠥᠬᠦᠷ ᠤᠨ | ᠲᠦᠷᠦᠯ ᠰᠠᠳᠤᠨ᠂ ᠤᠤᠯ ᠤᠨ ᠳᠡᠷᠭᠡᠳᠡᠬᠢ ᠠᠵᠢᠯᠲᠠᠨ ᠪᠣᠯᠣᠨ ᠨᠤᠲᠤᠭ ᠤᠨ ᠬᠢᠨᠢ ᠲᠥᠯᠥᠭᠡᠯᠡᠭᠴᠢ ᠵᠢᠴᠢ ︽ᠪᠦᠭᠦ | ᠤᠯᠤᠰ ᠤᠨ ᠮᠠᠤ ᠽᠧ ᠳ᠋ᠦᠩ ᠨᠥᠬᠦᠷ ᠤᠨ ᠮᠡᠨᠳᠦᠯᠡᠭᠰᠡᠨ 130 ᠵᠢᠯ ᠤᠨ ᠤᠢ ᠶᠢ ᠳᠤᠷᠠᠰᠬᠠᠬᠤ ᠡᠷᠳᠡᠮ | ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ︾ ᠳᠤ ᠣᠷᠣᠯᠴᠠᠬᠰᠠᠨ ᠲᠥᠯᠥᠭᠡᠯᠡᠭᠴᠢ ᠶᠠᠷᠢᠯᠴᠠᠬᠤ ᠬᠤᠷᠠᠯ ᠳᠤ | ᠣᠷᠣᠯᠴᠠᠪᠠ᠃ | ᠶᠠᠷᠢᠯᠴᠠᠬᠤ ᠬᠤᠷᠠᠯ ᠠᠴᠠ ᠡᠮᠦᠨ᠎ᠡ᠂ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ | ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠵᠡᠷᠭᠡ ᠤᠳᠤᠷᠢᠳᠬᠤ ᠨᠥᠬᠦᠳ ᠮᠠᠤ | ᠲᠡᠷᠢᠭᠦᠯᠡᠭᠴᠢ ᠶᠢᠨ ᠳᠤᠷᠠᠰᠬᠠᠯ ᠤᠨ ᠲᠠᠩᠬᠢᠮ ᠳᠤ ᠬᠦᠷᠴᠦ ᠢᠷᠡᠪᠡ᠃ ᠬᠤᠶᠢᠲᠤ ᠶᠡᠭᠡ ᠲᠢᠩᠬᠢᠮ ᠳᠤ᠂ ᠨᠠᠮ ᠤᠨ | ᠲᠥᠪ ᠬᠤᠷᠢᠶ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ᠂ ᠡᠯ᠎ᠡ ᠠᠷᠠᠳᠴᠢᠯᠠᠭᠰᠠᠨ ᠨᠠᠮ ᠪᠦᠯᠦᠭ᠂ ᠪᠦᠭᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠤᠯᠤᠰ ᠢᠶᠠᠨ ᠬᠠᠶᠢᠷᠠᠯᠠᠬᠤ | ᠬᠥᠮᠥᠰ ᠤᠨ ᠬᠦᠷᠭᠡᠭᠰᠡᠨ ᠰᠠᠬᠰᠤᠲᠤ ᠴᠡᠴᠡᠭ ᠢ ᠮᠠᠤ ᠽᠧ ᠳ᠋ᠦᠩ ᠨᠥᠬᠦᠷ ᠤᠨ ᠰᠠᠭᠤᠮᠠᠯ ᠭᠦᠷᠦᠭ ᠤᠨ ᠡᠮᠦᠨ᠎ᠡ | ᠲᠠᠯᠪᠢᠪᠠ᠃ ᠰᠢ ᠶᠢᠨ ᠫᠢᠩ ᠨᠠᠷ ᠮᠠᠤ ᠽᠧ ᠳ᠋ᠦᠩ ᠨᠥᠬᠦᠷ ᠤᠨ ᠰᠠᠭᠤᠮᠠᠯ ᠭᠦᠷᠦᠭ ᠲᠤ ᠭᠤᠷᠪᠠᠨᠲᠠ ᠶᠣᠰᠣᠯᠠᠵᠤ᠂ | ᠳᠠᠷᠠᠭ᠎ᠠ ᠨᠢ ᠪᠠᠷᠠᠯᠠᠬᠤ ᠲᠢᠩᠬᠢᠮ ᠳᠤ ᠬᠦᠷᠴᠦ᠂ ᠮᠠᠤ ᠽᠧ ᠳ᠋ᠦᠩ ᠨᠥᠬᠦᠷ ᠤᠨ ᠭᠡᠭᠡᠨ ᠳᠦᠷᠢ ᠶᠢ ᠪᠠᠷᠠᠯᠠᠪᠠ᠃ | |