ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2023/12/29
    ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ 2023 ᠣᠨ ᠤ 12 ᠰᠠᠷ᠎ᠠ ᠶᠢᠨ 29 ᠤ ᠡᠳᠦᠷ ᠵᠢᠨᠢᠩ ᠳᠤ ᠬᠤᠷᠠᠯᠳᠤᠪᠠ᠃      ᠡᠨᠡ ᠤᠳᠠᠭᠠᠨ ᠤ ᠪᠥᠬᠦᠳᠡ ᠬᠤᠷᠠᠯ ᠳᠤ ᠬᠤᠳᠠ ᠶᠢᠨ ᠨᠠᠮ ᠤᠨ ᠬᠤᠷᠢᠶᠠᠨ ᠤ ᠭᠡᠰᠢᠭᠦᠨ 51 ᠬᠥᠮᠥᠨ᠂ ᠣᠷᠣᠯᠠᠭᠴᠢ ᠭᠡᠰᠢᠭᠦᠨ 12 ᠬᠥᠮᠥᠨ ᠣᠷᠣᠯᠴᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠲᠣᠭᠤᠷᠢᠨ ᠬᠢᠨᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠸᠧᠢ ᠱᠤᠸᠠᠨ ᠱᠢ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠬᠤᠲᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠠ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠮᠠᠨ ᠤ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠭᠰᠠᠨ ᠬᠡᠰᠡᠭ ᠲᠥᠯᠥᠭᠡᠯᠡᠭᠴᠢ ᠪᠠ ᠬᠤᠲᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠬᠡᠰᠡᠭ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃     ᠪᠥᠬᠦᠳᠡ ᠬᠤᠷᠠᠯ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠪᠦᠬᠦᠳᠠ ᠬᠤᠷᠠᠯ ᠳᠤ ᠠᠵᠢᠯ ᠢᠶᠠᠨ ᠮᠡᠳᠡᠭᠦᠯᠦᠭᠰᠡᠨ ᠪᠥᠭᠡᠳ ᠶᠠᠷᠢᠶ᠎ᠠ ᠲᠠᠯᠪᠢᠵᠤ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠧᠢ ᠶᠦᠨ 2024 ᠣᠨ ᠤ ᠠᠵᠤ ᠠᠬᠤᠢ ᠶᠢᠨ ᠠᠵᠢᠯ ᠢ ᠪᠠᠶᠢᠷᠢᠯᠠᠭᠤᠯᠵᠠᠢ᠃     ᠪᠥᠬᠦᠳᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2023 ᠣᠨ ᠤ ᠠᠵᠢᠯ ᠢᠶᠠᠨ ᠳ᠋ᠦᠩᠨᠡᠨ᠂ 2024 ᠣᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃     ᠪᠥᠬᠦᠳᠡ ᠬᠤᠷᠠᠯ ᠠᠴᠠ ᠨᠢᠭᠡ ᠵᠢᠯ ᠤᠨ ᠲᠤᠷᠰᠢᠬᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠢ ᠳᠡᠭᠡᠳᠦ ᠰᠠᠨᠠᠯ ᠨᠢᠭᠡᠲᠡᠢ ᠦᠵᠡᠭᠰᠡᠨ ᠨᠢ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠳᠤ ᠨᠡᠩ ᠡᠷᠡᠰ ᠪᠠᠲᠤ ᠤᠬᠠᠮᠰᠠᠷ ᠲᠠᠢ ᠪᠣᠯᠵᠤ᠂ ᠭᠤᠣᠯ ᠰᠡᠳᠦᠪᠲᠦ ᠬᠥᠮᠦᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ᠂ ᠬᠤᠶᠠᠷ ᠶᠡᠭᠡ ᠶᠠᠪᠤᠳᠠᠯ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠨ᠂ ᠠᠵᠤ ᠠᠬᠤᠢ ᠶᠢᠨ ᠬᠥᠭᠵᠢᠯᠲᠡ ᠶᠢ ᠲᠣᠭᠲᠠᠭᠤᠨ ᠤ ᠳᠤᠮᠳᠠ ᠤᠷᠤᠭᠰᠢᠯᠠᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠰᠠᠶᠢᠵᠢᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠪᠦᠬᠦ ᠬᠤᠳᠠ ᠶᠢᠨ ᠡᠯ᠎ᠡ ᠵᠦᠢᠯ ᠤᠨ ᠦᠢᠯᠡᠰ ᠢ ᠲᠠᠬᠢᠨ ᠰᠢᠨ᠎ᠡ ᠳᠡᠭᠲᠡᠷ ᠲᠤ ᠭᠠᠷᠭᠠᠪᠠ᠃     ᠪᠥᠬᠦᠳᠡ ᠬᠤᠷᠠᠯ ᠠᠴᠠ ᠦᠵᠡᠭᠰᠡᠨ ᠨᠢ᠂ ᠨᠢᠭᠡ ᠵᠢᠯ ᠤᠨ ᠲᠤᠷᠰᠢᠬᠢ ᠲᠡᠰᠪᠦᠷᠢ ᠬᠠᠲᠠᠭᠤᠵᠢᠯᠲᠠᠢ ᠲᠡᠮᠡᠴᠡᠯ ᠨᠢ ᠪᠢᠳᠡᠨ ᠳᠤ᠄ ᠡᠷᠬᠡᠪᠰᠢ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠪᠠᠷ ᠡᠷᠡᠯᠬᠡᠭᠯᠡᠨ ᠤᠷᠤᠭᠰᠢᠯᠠᠬᠤ ᠬᠡᠷᠡᠭᠲᠡᠢ︔ ᠡᠷᠬᠡᠪᠰᠢ ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠲᠡᠢ︔ ᠡᠷᠬᠡᠪᠰᠢ ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠵᠤ᠂ ︽ᠲᠤᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠢᠳᠡᠪᠬᠢᠲᠡᠢ ᠪᠠᠷ ᠲᠦᠯᠬᠢᠨ ᠠᠬᠢᠭᠤᠯᠬᠤ ᠬᠡᠷᠡᠭᠲᠡᠢ︔ ᠡᠷᠬᠡᠪᠰᠢ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ ᠤᠳᠤᠷᠢᠳᠤᠯᠭ᠎ᠠ ᠲᠦᠷᠦᠭᠦᠯᠡᠬᠦ᠂ ᠨᠢᠭᠡ ᠱᠠᠲᠤ ᠨᠢ ᠨᠢᠭᠡ ᠱᠠᠲᠤ ᠪᠠᠨ ᠳᠠᠭᠠᠭᠤᠯᠤᠨ ᠠᠵᠢᠯᠯᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠬᠦ ᠪᠠᠷ ᠬᠠᠷᠢᠭᠤᠴᠠᠯᠭ᠎ᠠ ᠡᠭᠦᠷᠭᠡᠯᠡᠬᠦ ᠶᠢ ᠳᠠᠶᠢᠴᠢᠯᠠᠵᠤ᠂ ᠪᠣᠳᠠᠲᠠᠢ ᠠᠵᠢᠯᠯᠠᠬᠤ ᠪᠠᠷ ᠪᠣᠳᠠᠲᠠᠢ ᠠᠵᠢᠯᠯᠠᠬᠤ ᠶᠢ ᠠᠬᠢᠭᠤᠯᠬᠤ ᠬᠡᠷᠡᠭᠲᠡᠢ︔ ᠡᠷᠬᠡᠪᠰᠢ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠤᠷᠢᠳ ᠢᠶᠠᠷ ᠨᠢᠭᠡ ᠠᠯᠬᠤᠮ ᠶᠠᠪᠤᠭᠳᠠᠭᠤᠯᠬᠤ᠂ ᠨᠢᠭᠡ ᠱᠠᠲᠤᠨ ᠳᠤ ᠭᠦᠨᠵᠡᠭᠡᠶᠢᠷᠡᠭᠦᠯᠬᠦ᠂ ᠲᠦᠷᠭᠡᠨ ᠤᠷᠤᠭᠰᠢᠯᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ᠂ ᠠᠵᠢᠯ ᠬᠢᠵᠦ ᠦᠢᠯᠡᠰ ᠪᠣᠰᠬᠠᠬᠤ᠂ ᠵᠡᠷᠭᠡ ᠳᠡᠪᠰᠢᠬᠦ ᠭᠦᠨ ᠵᠤᠵᠠᠭᠠᠨ ᠠᠭᠤᠷ ᠠᠮᠢᠰᠬᠤᠯ ᠢ ᠲᠠᠰᠤᠷᠠᠯᠲᠠ ᠦᠭᠡᠢ ᠪᠤᠢ ᠪᠣᠯᠭᠠᠬᠤ ᠬᠡᠷᠡᠭᠲᠡᠢ ᠭᠡᠵᠡᠢ᠃     ᠪᠥᠬᠦᠳᠡ ᠬᠤᠷᠠᠯ ᠠᠴᠠ᠂ ᠢᠷᠡᠬᠦ ᠵᠢᠯ ᠤᠨ ᠪᠦᠬᠦ ᠬᠤᠲᠠ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ  ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠳᠤᠭᠤᠰᠢᠯᠠᠭᠤᠯᠵᠤ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠰᠢᠨ᠎ᠡ ᠵᠠᠮ ᠢ ᠨᠡᠭᠡᠭᠡᠬᠦ᠂ ᠠᠵᠤ ᠦᠢᠯᠡᠰ ᠢ ᠪᠣᠶᠢᠵᠢᠭᠤᠯᠬᠤ᠂ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠬᠦ᠂ ᠣᠷᠣᠨ ᠲᠠᠪᠰᠢᠯᠳᠠ ᠶᠢ ᠲᠡᠮᠡᠴᠡᠨ ᠣᠯᠬᠤ︾ ᠬᠠᠷᠠᠯᠲᠠ ᠶᠢ ᠲᠣᠭᠲᠠᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤ ᠤᠯᠠᠭᠠᠨᠴᠠᠪ ᠲᠤ ᠨᠡᠩ ᠤᠯᠠᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠪᠥᠬᠦᠳᠡ ᠬᠤᠷᠠᠯ ᠠᠴᠠ᠂ ᠡᠨᠡ ᠵᠢᠯ ᠤᠨ 6 ᠰᠠᠷ᠎ᠠ ᠳᠤ ᠶᠡᠷᠦᠩᠬᠡᠢ ᠱᠦᠵᠢ ᠰᠢ ᠶᠢᠨ ᠫᠢᠩ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠳᠠᠭᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠣᠯ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ ᠭᠡᠵᠦ ᠠᠩᠬ᠎ᠠ ᠤᠳᠠᠭ᠎ᠠ ᠳᠤᠷᠠᠳᠤᠨ ᠭᠠᠷᠭᠠᠵᠠᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠭᠤᠣᠯ ᠱᠤᠭᠤᠮ ᠤᠨ ᠤᠬᠠᠮᠰᠠᠷ ᠢ ᠢᠮᠠᠭᠲᠠ ᠪᠠᠲᠤ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠡᠨᠡᠬᠦ ᠭᠤᠣᠯ ᠱᠤᠭᠤᠮ ᠢ ᠡᠯ᠎ᠡ ᠵᠦᠢᠯ ᠤᠨ ᠠᠵᠢᠯ ᠳᠠᠭᠠᠨ ᠳᠤᠭᠤᠰᠢᠯᠠᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠡᠨᠡᠬᠦ ᠭᠤᠣᠯ ᠰᠢᠵᠢᠮ ᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ ᠶᠢᠨ ᠡᠯ᠎ᠡ ᠲᠠᠯ᠎ᠠ ᠳᠤ ᠳᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠳᠤ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠳᠤ ᠠᠭᠤᠰᠤᠯᠴᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ︽ᠤᠮᠠᠷᠠᠲᠤ ᠶᠢᠨ ᠰᠣᠶᠣᠯ︾ ᠤᠨ ᠲᠦᠷᠦᠯ ᠲᠡᠮᠳᠡᠭ ᠢ ᠪᠦᠬᠦ ᠬᠦᠴᠦᠨ ᠢᠶᠠᠷ ᠢᠶᠠᠨ ᠴᠤᠤᠷᠢᠶᠠᠲᠤᠭᠤᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯ ᠮᠠᠨ ᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠮᠥᠨ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠦᠷᠭᠦᠯᠵᠢᠯᠡᠨ ᠬᠦᠴᠦᠯᠡᠵᠦ᠂ ᠬᠡᠷᠡᠭᠵᠢᠭᠦᠯᠬᠦ ᠲᠥᠰᠥᠯ ᠢ ᠨᠠᠷᠢᠨ ᠨᠢᠮᠪᠠᠢ ᠵᠠᠰᠠᠨ ᠲᠡᠭᠦᠯᠳᠡᠷᠵᠢᠭᠦᠯᠵᠦ᠂ ᠣᠨ ᠤ ᠡᠭᠦᠷᠭᠡ ᠶᠢᠨ ᠲᠣᠳᠣᠷᠬᠠᠢ ᠬᠠᠭᠤᠳᠠᠰᠤ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ︽ᠳᠣᠬᠢᠭᠤᠷ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠦᠷ᠎ᠡ ᠪᠦᠲᠦᠮᠵᠢ ᠭᠠᠷᠭᠠᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃     ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾ ᠢ ︽ᠨᠢᠭᠡᠳᠦᠭᠡᠷ ᠭᠠᠷ︾ ᠤᠨ ᠢᠨᠵᠧᠨᠧᠷᠢᠩ ᠪᠣᠯᠭᠠᠨ ᠠᠳᠬᠤᠵᠤ᠂ ᠠᠵᠢᠯ ᠢ ᠤᠷᠢᠳ ᠢᠶᠠᠷ ᠬᠢᠬᠦ ᠬᠡᠷᠡᠭᠲᠡᠢ᠃ ᠨᠢᠭᠡ ᠳᠤ᠂ ︽ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠤᠨ ᠴᠡᠴᠡᠭᠯᠡᠨ ᠵᠢᠮᠢᠰᠯᠡᠬᠦ ᠶᠢ ᠥᠨᠳᠥᠷ ᠲᠦᠪᠰᠢᠨ ᠳᠤ ᠠᠬᠢᠭᠤᠯᠬᠤ ᠬᠡᠷᠡᠭᠲᠡᠢ ᠃ ᠲᠦᠷᠦ ᠶᠢᠨ ᠪᠣᠳᠣᠯᠭ᠎ᠠ ᠶᠢ ᠭᠦᠨᠵᠡᠭᠡᠢ ᠰᠤᠳᠤᠯᠵᠤ᠂ ᠰᠠᠨᠠᠭᠠᠴᠢᠯᠠᠭ᠎ᠠ ᠠᠴᠠ ᠪᠠᠨ ᠲᠦᠷᠦ ᠶᠢᠨ ᠪᠣᠳᠣᠯᠭ᠎ᠠ ᠶᠢ ᠲᠡᠮᠡᠴᠡᠨ ᠣᠯᠵᠤ᠂ ᠲᠦᠷᠦ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠲᠦᠷᠦ ᠶᠢᠨ ᠪᠣᠳᠣᠯᠭ᠎ᠠ ᠶᠢᠨ ᠠᠰᠢᠭ ᠲᠤᠰᠠ ᠶᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ ᠬᠤᠶᠠᠷ ᠲᠤ᠂ ︽ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ︾ ᠤᠨ ᠶᠡᠬᠡᠪᠡᠷ ᠠᠵᠢᠯᠯᠠᠵᠤ ᠲᠦᠷᠭᠡᠨ ᠬᠥᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠ ᠪᠣᠯᠭᠠᠨ ᠨᠢᠭᠡᠳᠬᠡᠵᠦ᠂ ᠨᠤᠲᠤᠭ ᠪᠡᠯᠴᠢᠭᠡᠷ ᠤᠨ ︽ᠭᠤᠷᠪᠠᠨ ᠣᠳᠣᠬᠢᠴᠢᠯᠠᠯᠲᠠ︾ ᠶᠢᠨ ᠶᠡᠷᠦᠩᠬᠡᠶᠢᠯᠡᠭᠰᠡᠨ ᠵᠠᠰᠠᠯᠲᠠ ᠶᠢ ᠲᠣᠪᠣᠶᠢᠮ᠎ᠠ ᠰᠠᠶᠢᠲᠤᠷ ᠠᠳᠬᠤᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠭᠤᠣᠯᠳᠠᠯᠭ᠎ᠠ ᠲᠠᠢ ᠣᠷᠣᠨ ᠪᠦᠰᠡ ᠳᠤ ᠨᠢᠭᠡ ᠪᠦᠯᠦᠭ ᠰᠠᠯᠬᠢᠨ ᠬᠦᠴᠦᠨ ᠢᠶᠠᠷ ᠴᠠᠬᠢᠯᠭᠠᠨ ᠬᠡᠷᠡᠯ ᠴᠡᠨᠡᠭ ᠤᠨ ᠲᠥᠷᠥᠯ ᠵᠦᠢᠯ ᠢ ᠴᠢᠷᠮᠠᠶᠢᠨ ᠬᠡᠷᠡᠭᠵᠢᠭᠦᠯᠵᠦ᠂ ᠠᠮᠢ ᠠᠬᠤᠢ ᠶᠢᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠦᠨ᠎ᠡ᠃ ᠭᠤᠷᠪᠠ ᠳᠤ᠂ ︽ᠳᠤᠯᠠᠭᠠᠯᠠᠬᠤ ᠢᠨᠵᠧᠨᠧᠷᠢᠩ︾ ᠤᠨ ᠦᠷ᠎ᠡ ᠠᠰᠢᠭ ᠢ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠰᠠᠭᠤᠳᠠᠯ ᠢ ᠲᠥᠪᠯᠡᠷᠡᠭᠦᠯᠦᠨ ᠪᠣᠭᠤᠮᠲᠠ ᠰᠢᠪᠲᠤᠯᠤᠨ ᠰᠠᠶᠢᠲᠤᠷ ᠰᠢᠢᠳᠪᠦᠷᠢᠯᠡᠵᠦ᠂ ᠬᠤᠭᠤᠯᠠᠢ ᠶᠢᠨ ᠲᠣᠣᠷ ᠢ ᠬᠠᠮᠠᠭᠠᠯᠠᠬᠤ᠂ ᠢᠯᠴᠢ ᠶᠢᠨ ᠢᠷᠡᠯᠲᠡ ᠶᠢ ᠨᠥᠬᠦᠪᠦᠷᠢᠯᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠠᠳᠡᠯ ᠢ ᠵᠠᠪᠳᠤᠨ ᠵᠠᠰᠠᠬᠤ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ ᠢᠯᠴᠢ ᠬᠠᠩᠭᠠᠬᠤ ᠬᠠᠭᠤᠴᠢᠨ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠣᠯᠠᠨ ᠲᠦᠮᠡᠨ ᠤ ᠳᠤᠯᠠᠭᠠᠨ ᠪᠦᠯᠢᠶᠡᠨ ᠢᠶᠠᠷ ᠡᠪᠦᠯᠵᠢᠬᠦ ᠶᠢ ᠦᠨᠡᠨᠬᠦ ᠪᠠᠲᠤᠯᠠᠬᠤ ᠬᠡᠷᠡᠭᠲᠡᠢ᠃ ᠡᠪᠡᠳᠴᠢᠨ ᠦᠵᠡᠭᠦᠯᠬᠦ᠂ ᠨᠠᠰᠤᠵᠢᠯ ᠤᠨ ᠠᠰᠠᠷᠠᠮᠵᠢ᠂ ᠠᠵᠢᠯ ᠣᠯᠭᠤᠯᠲᠠ᠂ ᠰᠤᠷᠭᠠᠭᠤᠯᠢ ᠳᠤ ᠣᠷᠣᠬᠤ ᠵᠡᠷᠭᠡ ᠭᠤᠣᠯᠳᠠᠯᠭ᠎ᠠ ᠲᠠᠢ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠠᠵᠤ ᠠᠬᠤᠢ ᠶᠢᠨ ᠬᠥᠭᠵᠢᠯᠲᠡ ᠶᠢ ᠳᠠᠭᠠᠯᠳᠤᠨ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠦᠨᠡᠨ ᠬᠦ ᠪᠠᠲᠤᠯᠠᠨ᠎ᠠ᠃ ᠳᠥᠷᠪᠡ ᠳᠤ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ︾  ᠤᠨ ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠠᠬᠢᠭᠤᠯᠬᠤ ᠬᠡᠷᠡᠭᠲᠡᠢ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠵᠡᠷᠭᠡ ︽ᠳᠥᠷᠪᠡ ᠶᠢ ᠳᠡᠭᠡᠭᠰᠢᠯᠡᠭᠦᠯᠬᠦ ᠠᠵᠢᠯᠯᠠᠭ᠎ᠠ︾ ᠶᠢ ᠬᠡᠷᠡᠭᠵᠢᠭᠦᠯᠵᠦ᠂ ᠤᠯᠠᠭᠠᠨᠴᠠᠪ ᠤᠨ ᠦᠨᠡᠨᠴᠢ ᠢᠲᠡᠭᠡᠮᠵᠢ ᠶᠢᠨ ᠳᠦᠷᠢ ᠲᠥᠷᠬᠦ ᠶᠢ ᠤᠯᠠᠮ ᠨᠢᠭᠡ ᠠᠯᠬᠤᠮ ᠪᠣᠶ ᠪᠣᠯᠭᠠᠨ᠎ᠠ᠃ ᠲᠠᠪᠤ ᠳᠤ᠂ ︽ᠰᠢᠨᠵᠢᠯᠡᠬᠦ ᠤᠬᠠᠭᠠᠨ ᠮᠡᠷᠭᠡᠵᠢᠯ ᠤᠨ ︿ᠪᠦᠰᠡᠯᠡᠯᠲᠡ ᠶᠢ ᠰᠢᠪᠲᠤᠯᠬᠤ﹀ ᠢᠨᠵᠧᠨᠧᠷᠢᠩ︾ ᠤᠨ ᠪᠣᠭᠤᠮᠲᠠ ᠰᠢᠪᠲᠤᠯᠵᠤ ᠬᠦᠷᠢ ᠶᠢᠨ ᠡᠭᠦᠷ ᠢ ᠡᠪᠳᠡᠬᠦ ᠠᠵᠢᠯ ᠢ ᠶᠡᠬᠡᠪᠡᠷ ᠠᠬᠢᠭᠤᠯᠬᠤ ᠬᠡᠷᠡᠭᠲᠡᠢ᠃ ᠰᠢᠨ᠎ᠡ ᠶᠢ ᠡᠭᠦᠳᠬᠦ ᠭᠤᠣᠯ ᠴᠣᠭᠴᠠ ᠶᠢ ᠪᠣᠶᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠲᠠᠪᠴᠠᠩ ᠤᠨ ᠴᠢᠳᠠᠪᠤᠷᠢ ᠶᠢᠨ ᠳᠡᠰ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠴᠢᠩᠭᠠᠳᠬᠠᠵᠤ᠂ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠮᠠᠨ ᠤ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠳᠤᠲᠠᠭᠤᠳᠠᠯ ᠢ ᠨᠥᠬᠦᠪᠦᠷᠢᠯᠡᠨ᠎ᠡ᠃ ᠵᠢᠷᠭᠤᠭ᠎ᠠ ᠳᠤ᠂ ︽ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠭᠤᠯᠬᠤ ᠬᠡᠷᠡᠭᠲᠡᠢ᠃ ᠤᠯᠤᠰ ᠤᠨ ᠭᠠᠳᠠᠭᠠᠳᠤ ᠣᠷᠣᠭᠤᠯᠤᠯᠲᠠ ᠶᠢᠨ ᠠᠷᠠᠯᠵᠢᠶ᠎ᠠ ᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢ ᠭᠤᠣᠯᠳᠠᠯᠭ᠎ᠠ ᠲᠠᠢ ᠠᠬᠢᠭᠤᠯᠵᠤ᠂ ᠡᠬᠡ ᠬᠠᠭᠤᠷᠠᠢ ᠶᠢᠨ ᠭᠠᠷᠠᠮ ᠮᠠᠶ᠋ᠢᠭ ᠤᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠤᠯᠤᠰ ᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠱᠠᠲᠤᠯᠢᠭ ᠰᠢᠯᠵᠢᠯᠲᠡ ᠶᠢᠨ ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠭᠡᠨ ᠪᠥᠭᠡᠳ ᠲᠣᠭᠲᠠᠭᠤᠨ ᠪᠠᠶᠢᠬᠤ ᠶᠢ ᠲᠦᠷᠭᠡᠳᠬᠡᠨ ᠠᠬᠢᠭᠤᠯᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠲᠥᠪᠯᠡᠷᠡᠭᠦᠯᠵᠦ ᠲᠠᠷᠬᠠᠭᠠᠬᠤ ᠲᠥᠪ ᠤᠨ ᠪᠦᠲᠦᠭᠡᠨ ᠪᠠᠶᠢᠭᠤᠯᠤᠯᠲᠠ ᠶᠢᠨ ᠴᠢᠳᠠᠮᠵᠢ ᠶᠢ ᠥᠷᠭᠡᠳᠬᠡᠨ ᠬᠤᠷᠳᠤᠴᠠ ᠶᠢ ᠲᠦᠷᠭᠡᠳᠬᠡᠬᠦ ᠶᠢ ᠢᠳᠡᠪᠬᠢᠲᠡᠢ ᠠᠬᠢᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ ᠭᠡᠵᠡᠢ᠃     ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠡᠰ ᠳᠡᠪᠰᠢᠬᠦ ᠶᠢ ᠶᠡᠭᠡ ᠪᠠᠷ ᠲᠦᠯᠬᠢᠨ ᠠᠬᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ᠃ ᠰᠢᠨ᠎ᠡ ᠡᠨᠧᠷᠭᠢ ᠶᠢ ᠰᠢᠩᠭᠡᠬᠡᠨ ᠠᠰᠢᠭᠯᠠᠬᠤ ᠪᠠᠷ ᠬᠥᠲᠥᠯᠥᠮᠵᠢ ᠪᠣᠯᠭᠠᠭᠰᠠᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠦᠭᠡᠢ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠢ ᠲᠥᠪᠯᠡᠷᠡᠭᠦᠯᠦᠨ ᠪᠣᠶ ᠪᠣᠯᠭᠠᠵᠤ᠂ ᠪᠣᠬᠢᠷᠲᠤᠯ ᠦᠭᠡᠢ ᠲᠡᠮᠦᠷ ᠤᠨ ᠬᠠᠶᠢᠯᠤᠰᠢ ᠶᠢᠨ ᠠᠵᠤ ᠦᠢᠯᠡᠰ ᠢ ᠪᠥᠬᠦ ᠲᠠᠯ᠎ᠠ ᠪᠠᠷ ᠥᠭᠡᠷᠡᠴᠢᠯᠡᠨ᠂ ᠪᠣᠬᠢᠷᠲᠤᠯ ᠦᠭᠡᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠳᠠᠬᠢᠨ ᠱᠤᠭᠤᠵᠤ᠂ ᠪᠣᠬᠢᠷᠲᠤᠯ ᠦᠭᠡᠢ ᠲᠣᠮᠣ ᠳ᠋ᠠᠶᠢᠲ᠋ᠠ ᠶᠢᠨ ᠣᠶᠤᠨ ᠢᠶᠠᠷ ᠪᠤᠳᠤᠬᠤ ᠠᠵᠤ ᠦᠢᠯᠡᠰ ᠢ ᠪᠥᠬᠦ ᠬᠦᠴᠦᠨ ᠢᠶᠠᠷ ᠢᠶᠠᠨ ᠬᠠᠭᠤᠯᠪᠤᠷᠢᠯᠠᠵᠤ᠂ ᠪᠣᠬᠢᠷᠲᠤᠯ ᠦᠭᠡᠢ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ ᠠᠵᠤ ᠦᠢᠯᠡᠰ ᠢ ᠢᠳᠡᠪᠬᠢᠲᠡᠢ ᠪᠠᠷ ᠪᠣᠶᠢᠵᠢᠭᠤᠯᠤᠨ᠎ᠠ᠃ ︽ᠪᠤᠭᠤᠳᠠᠢ ᠨᠣᠭᠤᠭ᠎ᠠ ᠲᠥᠮᠥᠰᠥ᠂ ᠦᠬᠡᠷ ᠢᠮᠠᠭᠠᠨ ᠰᠦ︾ ᠵᠡᠷᠭᠡ ᠵᠢᠷᠭᠤᠭᠠᠨ ᠶᠡᠭᠡ ᠠᠵᠤ ᠦᠢᠯᠡᠰ ᠢᠶᠠᠷ ᠭᠤᠣᠯᠳᠠᠯᠭ᠎ᠠ ᠪᠣᠯᠭᠠᠭᠰᠠᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠦᠷᠭᠦᠯᠵᠢᠯᠡᠨ ᠰᠢᠯᠢᠳᠡᠭᠵᠢᠭᠦᠯᠵᠦ᠂ ︽ᠵᠢᠷᠭᠤᠭᠠᠨ ᠶᠡᠭᠡ ᠠᠵᠢᠯᠯᠠᠭ᠎ᠠ︾ ᠶᠢ ᠲᠦᠷᠭᠡᠳᠬᠡᠨ ᠬᠡᠷᠡᠭᠵᠢᠭᠦᠯᠵᠦ᠂ ᠳᠠᠷᠢᠵᠤ ᠲᠡᠵᠢᠭᠡᠬᠦ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ︽ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ︾ ᠶᠢ ᠭᠦᠨᠵᠡᠭᠡᠢ ᠠᠬᠢᠭᠤᠯᠤᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠶᠢ ᠶᠡᠬᠡᠪᠡᠷ ᠬᠥᠭᠵᠢᠭᠦᠯᠵᠦ᠂ ︽ᠤᠤᠷ ᠠᠮᠲᠠᠳᠤ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ ᠲᠠᠯ᠎ᠠ ᠪᠠᠷ ᠨᠡᠭᠡᠭᠡᠨ ᠬᠥᠭᠵᠢᠭᠦᠯᠵᠦ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠤᠨ᠎ᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠢᠶᠠᠷ ᠭᠤᠣᠯᠳᠠᠯᠭ᠎ᠠ ᠪᠣᠯᠭᠠᠭᠰᠠᠨ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠣᠨᠴᠠᠯᠢᠭ ᠢ ᠪᠣᠶᠢᠵᠢᠭᠤᠯᠬᠤ᠂ ᠢᠵᠢ ᠪᠦᠷᠢᠳᠦᠭᠦᠯᠦᠨ ᠲᠡᠭᠦᠯᠳᠡᠷᠵᠢᠭᠦᠯᠬᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠬᠡᠷᠡᠭᠯᠡᠭᠡ ᠶᠢ ᠬᠢᠵᠢᠭ ᠤᠨ ᠳᠠᠷᠠᠭᠠᠬᠢ ᠰᠡᠷᠭᠦᠭᠡᠯᠲᠡ ᠠᠴᠠ ᠦᠷᠭᠦᠯᠵᠢᠯᠡᠨ ᠥᠷᠭᠡᠳᠬᠡᠬᠦ ᠳᠠᠰᠢ ᠬᠤᠪᠢᠷᠠᠭᠤᠯᠬᠤ ᠶᠢ ᠠᠬᠢᠭᠤᠯᠬᠤ ᠬᠡᠷᠡᠭᠳᠡᠢ ᠬᠡᠵᠡᠢ᠃     ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠬᠢᠬᠦ ᠳᠡᠭᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠲᠡᠭᠦᠨ ᠠᠴᠠ ᠥᠴᠥᠬᠡᠨ ᠴᠦ ᠵᠠᠶᠢᠳᠠᠬᠤ ᠦᠭᠡᠢ ᠪᠠᠶᠢᠵᠤ᠂ ᠦᠷ᠎ᠡ ᠪᠦᠲᠦᠭᠡᠯ ᠤᠨ ᠤᠬᠠᠮᠰᠠᠷ᠂ ᠲᠠᠩᠰᠠ ᠮᠡᠳᠡᠭᠦᠯᠬᠦ ᠤᠬᠠᠮᠰᠠᠷ᠂ ᠡᠪᠬᠡᠮᠡᠯ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠪᠦᠲᠦᠭᠡᠯᠴᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠵᠢᠷᠭᠤᠭᠠᠨ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠲᠣᠪᠣᠶᠢᠮ᠎ᠠ ᠰᠠᠶᠢᠲᠤᠷ ᠠᠳᠬᠤᠨ᠎ᠠ᠃ ᠨᠢᠭᠡ ᠳᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠤᠨ ᠲᠠᠯ᠎ᠠ ᠪᠠᠷ ︽ᠰᠠᠨᠠᠭᠠᠴᠢᠯᠠᠭ᠎ᠠ ᠠᠴᠠ ᠪᠠᠨ ᠲᠡᠮᠡᠴᠡᠨ ᠣᠯᠬᠤ᠂ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠬᠤ︾ ᠶᠢ ᠠᠳᠬᠤᠵᠤ᠂ ᠵᠦᠢᠯ ᠳᠠᠷᠠᠭᠠᠯᠠᠨ ᠰᠤᠳᠤᠯᠵᠤ ᠨᠠᠷᠢᠯᠢᠭᠵᠢᠭᠤᠯᠤᠨ᠂ ᠪᠥᠬᠦ ᠬᠦᠴᠦᠨ ᠢᠶᠠᠷ ᠢᠶᠠᠨ ᠲᠡᠮᠡᠴᠡᠨ ᠣᠯᠵᠤ᠂ ︽ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ︾ ︽ᠪᠠᠷᠢᠮᠵᠢᠶ᠎ᠠ ᠠᠴᠠ ᠬᠡᠲᠦᠷᠡᠭᠦᠯᠦᠨ ᠬᠡᠷᠡᠭᠵᠢᠭᠦᠯᠬᠦ︾ ᠶᠢ ᠪᠡᠶᠡᠯᠡᠭᠦᠯᠵᠦ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠬᠦ ᠬᠡᠷᠡᠭᠲᠡᠢ᠃ ᠬᠤᠶᠠᠷ ᠲᠤ ᠳᠣᠲᠣᠭᠠᠳᠤ ᠬᠡᠷᠡᠭᠴᠡᠭᠡ ᠶᠢ ᠳᠠᠶᠢᠴᠢᠯᠠᠬᠤ ᠲᠠᠯ᠎ᠠ ᠪᠠᠷ ︽ᠪᠡᠯᠡ ᠣᠷᠣᠭᠤᠯᠤᠯᠲᠠ ᠶᠢ ᠥᠷᠭᠡᠳᠬᠡᠵᠦ᠂ ᠬᠡᠷᠡᠭᠯᠡᠭᠡ ᠶᠢ ᠠᠬᠢᠭᠤᠯᠬᠤ︾ ᠶᠢ ᠠᠳᠬᠤᠵᠤ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠪᠠᠶᠢᠭᠤᠯᠵᠤ᠂ ᠲᠤᠯᠭᠠᠭᠤᠷᠢᠯᠠᠯ ᠢ ᠴᠢᠩᠭᠠᠳᠬᠠᠨ᠂ ᠬᠤᠳᠠᠯᠳᠤᠭᠠᠴᠢᠨ ᠤᠷᠢᠬᠤ᠂ ᠰᠢᠪᠲᠤᠯᠤᠯᠲᠠ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠳᠬᠤᠵᠤ᠂ ᠳᠠᠯᠳᠠ ᠬᠦᠴᠦᠨ ᠢ ᠪᠦᠬᠦ ᠬᠦᠴᠦᠨ ᠢᠶᠠᠷ ᠢᠶᠠᠨ ᠠᠭᠤᠳᠠᠯᠵᠤ᠂ ᠬᠡᠷᠡᠭᠯᠡᠭᠡ ᠶᠢ ᠠᠬᠢᠭᠤᠯᠤᠨ᠎ᠠ᠃ ᠭᠤᠷᠪᠠ ᠳᠤ᠂ ᠨᠡᠮᠡᠭᠳᠡᠯ ᠤᠨ ᠬᠥᠳᠡᠯᠭᠡᠬᠦ ᠬᠦᠴᠦᠨ ᠤ ᠲᠠᠯ᠎ᠠ ᠪᠠᠷ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠥᠭᠡᠷᠡᠴᠢᠯᠡᠯᠲᠡ ᠨᠡᠭᠡᠭᠡᠯᠲᠡ ᠬᠢᠬᠦ︾ ᠶᠢ ᠠᠳᠬᠤᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠵᠦ᠂ ᠭᠠᠳᠠᠭᠠᠳᠤ ᠨᠡᠭᠡᠭᠡᠯᠲᠡ ᠶᠢᠨ ᠲᠦᠪᠰᠢᠨ ᠢ ᠥᠷᠭᠡᠳᠬᠡᠨ᠎ᠡ᠃ ᠳᠥᠷᠪᠡ ᠳᠤ᠂ ᠠᠵᠤ ᠦᠢᠯᠡᠰ ᠤᠨ ᠲᠠᠰ ᠳᠡᠪᠰᠢᠬᠦ ᠲᠠᠯ᠎ᠠ ᠪᠠᠷ ︽ᠰᠠᠭᠤᠷᠢ ᠠᠵᠤ ᠦᠢᠯᠡᠰ ᠢ ᠳᠠᠬᠢᠨ ᠪᠠᠶᠢᠭᠤᠯᠬᠤ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢᠶᠠᠷ ᠬᠥᠲᠥᠯᠥᠨ ᠳᠠᠭᠠᠭᠤᠯᠬᠤ︾ ᠶᠢ ᠠᠳᠬᠤᠵᠤ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠪᠥᠭᠡᠮᠨᠡᠷᠡᠯᠲᠡ᠂ ᠦᠢᠯᠡᠴᠢᠯᠡᠭᠡᠨ ᠤ ᠦᠢᠯᠡᠰ ᠤᠨ ᠣᠨᠴᠠᠯᠢᠠᠠᠵᠢᠭᠤᠯᠤᠯᠲᠠ ᠶᠢ ᠠᠬᠢᠭᠤᠯᠤᠨ᠎ᠠ᠃ ᠲᠠᠪᠤ ᠳᠤ᠂ ᠠᠮᠢ ᠠᠬᠤᠢ ᠶᠢᠨ ᠣᠷᠴᠢᠨ ᠲᠣᠭᠤᠷᠢᠨ ᠤ ᠲᠠᠯ᠎ᠠ ᠪᠠᠷ ︽ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠡᠯᠡᠰᠦ ᠶᠢ ᠵᠠᠰᠠᠵᠤ ᠨᠣᠭᠤᠭᠠᠷᠠᠭᠤᠯᠤᠯᠲᠠ ᠶᠢ ᠨᠡᠮᠡᠭᠳᠡᠭᠦᠯᠬᠦ︾ ᠶᠢ ᠠᠳᠬᠤᠵᠤ᠂ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠲᠦᠷᠭᠡᠳᠬᠡᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠡᠮᠬᠢ ᠳᠢᠭᠯᠢᠮ ᠲᠠᠢ ᠠᠬᠢᠭᠤᠯᠵᠤ᠂ ︽ᠲᠠᠪᠤᠨ ᠶᠡᠭᠡ ᠡᠬᠢᠯᠡᠯᠲᠡ︾ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠵᠢᠷᠭᠤᠭ᠎ᠠ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠠᠯ᠎ᠠ ᠪᠠᠷ ︽ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ᠂ ᠠᠶᠤᠯ ᠲᠦᠭᠰᠢᠭᠦᠷᠢ ᠶᠢ ᠰᠡᠷᠭᠡᠶᠢᠯᠡᠬᠦ︾ ᠶᠢ ᠠᠳᠬᠤᠵᠤ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠰᠤᠷᠭᠠᠨ ᠬᠥᠮᠦᠵᠢᠯ ᠡᠮᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ ᠠᠷᠢᠯᠭᠠᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠶᠢ ᠵᠣᠬᠢᠶᠠᠨ ᠦᠢᠯᠡᠳᠬᠦ ᠳᠤ ᠬᠡᠷᠡᠭᠯᠡᠬᠦ ᠶᠢ ᠭᠦᠢᠴᠡᠳ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠠᠷᠢᠯᠭᠠᠨ᠎ᠠ᠃ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠲᠤᠰᠢᠶᠠᠯ ᠬᠠᠷᠢᠭᠤᠴᠠᠯᠭ᠎ᠠ ᠪᠠᠨ ᠪᠠᠶᠢᠩᠭᠤᠵᠢᠭᠤᠯᠤᠨ ᠭᠦᠢᠴᠡᠳᠬᠡᠬᠦ ᠶᠢ ᠲᠦᠯᠬᠢᠨ ᠠᠬᠢᠭᠤᠯᠵᠤ᠂ ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠰᠠᠨᠠᠭ᠎ᠠ ᠶᠢ ᠬᠤᠷᠠᠮᠳᠤᠭᠤᠯᠤᠨ᠂ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠤᠶᠤᠨ ᠤᠬᠠᠭᠠᠨ ᠢ ᠨᠢᠭᠲᠠᠷᠠᠭᠤᠯᠤᠨ᠂ ᠰᠡᠳᠬᠢᠯ ᠲᠠᠯᠪᠢᠵᠤ ᠬᠠᠶᠢᠷ᠎ᠠ ᠰᠡᠳᠬᠢᠯᠭᠡ ᠲᠠᠢ ᠪᠠᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠳᠡᠢ ᠭᠡᠵᠡᠢ᠃     ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠠᠵᠤ ᠠᠬᠤᠢ ᠶᠢᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ᠂ ᠴᠢᠳᠠᠪᠤᠷᠢ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠢ ᠶᠢᠨ ᠠᠵᠢᠯ ᠢ ᠰᠠᠶᠢᠲᠤᠷ ᠠᠳᠬᠤᠬᠤ ᠴᠢᠭᠯᠡᠯ ᠢ ᠤᠯᠠᠮ ᠨᠢᠭᠡ ᠠᠯᠬᠤᠮ ᠲᠣᠳᠣᠷᠬᠠᠢ ᠪᠣᠯᠭᠠᠵᠤ᠂ ᠠᠵᠤ ᠠᠬᠤᠢ ᠶᠢᠨ ᠠᠵᠢᠯ ᠢ ᠰᠠᠶᠢᠲᠤᠷ ᠠᠳᠬᠤᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠢ ᠶᠢᠨ ᠠᠵᠢᠯ ᠢ ᠰᠠᠶᠢᠲᠤᠷ ᠠᠳᠬᠤᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠬᠡᠵᠡᠢ᠃     ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠢᠷᠡᠬᠦ ᠵᠢᠯ ᠤᠨ ᠠᠵᠢᠯ ᠢ ᠰᠠᠶᠢᠲᠤᠷ ᠬᠢᠬᠦ ᠳᠤ ᠭᠤᠣᠯᠯᠠᠭᠴᠢ ᠶᠢ ᠰᠠᠯᠤᠯ ᠦᠭᠡᠢ ᠲᠠᠭᠠᠵᠤ᠂ ᠡᠷᠡᠰ ᠢᠶᠠᠷ ᠤᠷᠤᠭᠰᠢᠯᠠᠵᠤ᠂ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠠᠳᠬᠤᠬᠤ ᠬᠡᠷᠡᠭᠲᠡᠢ︔ ᠲᠦᠷᠭᠡᠨ ᠠᠵᠢᠯᠯᠠᠬᠤ ᠶᠢ ᠴᠢᠩᠭ᠎ᠠ ᠠᠳᠬᠤᠵᠤ᠂ ᠱᠠᠯᠠᠮᠠᠭᠠᠶᠢᠯᠠᠨ ᠨᠡᠬᠡᠵᠦ᠂ ᠪᠤᠰᠢᠭᠤ ᠱᠠᠯᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ︔ ᠦᠨᠡᠨᠬᠦ ᠠᠳᠬᠤᠨ ᠪᠣᠳᠠᠲᠠᠢ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ︔ ᠵᠣᠷᠢᠭᠲᠠᠢ ᠪᠠᠷ ᠰᠡᠳᠬᠢᠵᠦ ᠵᠣᠷᠢᠭᠲᠠᠢ ᠪᠠᠷ ᠬᠢᠵᠦ᠂ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠬᠢᠵᠦ ᠴᠢᠳᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠡᠯ᠎ᠡ ᠲᠦᠷᠦᠯ ᠤᠨ ᠠᠵᠢᠯ ᠤᠨ ᠳᠡᠰ ᠳᠡᠪᠰᠢᠬᠦ ᠶᠢ ᠪᠦᠬᠦ ᠬᠦᠴᠦᠨ ᠢᠶᠠᠷ ᠠᠬᠢᠭᠤᠯᠵᠤ᠂ ᠮᠠᠬᠠᠯᠠᠢ  ᠳᠤᠨᠢ ᠭᠠᠷᠬᠤ ᠪᠠᠷ ᠮᠡᠷᠡᠶᠢᠨ ᠴᠢᠷᠮᠠᠶᠢᠬᠤ ᠬᠡᠷᠡᠭᠲᠡᠢ ᠭᠡᠵᠡᠢ᠃     ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠶᠠᠭ ᠵᠢᠯ ᠤᠨ ᠡᠴᠦᠰ ᠵᠢᠯ ᠤᠨ ᠡᠬᠢᠨ ᠳᠤ ᠪᠠᠶᠢᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ᠂ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ᠂ ᠬᠥᠯᠥᠰᠦᠨ ᠠᠵᠢᠯᠴᠢᠨ ᠤ ᠴᠠᠯᠢᠩ ᠢ ᠥᠭᠬᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠠᠯᠢ ᠤᠯᠠᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠡᠢ᠃     ᠪᠥᠬᠦᠳᠡ ᠬᠤᠷᠠᠯ ᠠᠴᠠ ᠤᠷᠢᠶᠠᠯᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢ ᠭᠤᠶᠢᠪᠢᠰᠢ ᠦᠭᠡᠢ ᠪᠠᠷᠢᠮᠲᠠᠯᠠᠨ ᠲᠣᠮᠣ ᠠᠯᠬᠤᠮ ᠢᠶᠠᠷ ᠤᠷᠤᠭᠰᠢᠯᠠᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠨᠠᠶᠢᠳᠠᠪᠤᠷᠢᠵᠢᠭᠤᠯᠤᠯᠲᠠ ᠶᠢ ᠲᠤᠤᠱᠲᠠᠢ ᠠᠳᠬᠤᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠯᠠᠭᠠᠨᠴᠠᠪ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠤᠯᠠᠨ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃                                        ᠤᠷᠴᠢᠭᠤᠯᠤᠭᠴᠢ᠄ ᠬᠦᠰᠡᠯ                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2