| | ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 23 ᠤ ᠴᠠᠬᠢᠯᠭᠠᠨ ᠮᠡᠳᠡᠭᠡ 11 ᠰᠠᠷ᠎ᠠ ᠶᠢᠨ | 23 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠶᠠᠳᠤᠭᠠᠷ ᠬᠤᠭᠤᠴᠠᠭᠠᠨ ᠤ ᠪᠥᠬᠦ ᠪᠥᠮᠪᠥᠷᠴᠡᠭ ᠤᠨ | ᠲᠣᠭᠠᠴᠢᠯᠠᠭᠰᠠᠨ ᠠᠷᠠᠯᠵᠢᠶᠠᠨ ᠤ ᠦᠵᠡᠰᠬᠦᠯᠡᠩ ᠤᠨ ᠴᠤᠭᠯᠠᠭᠠᠨ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠣᠳᠣᠬᠠᠨ ᠳᠤ᠂ ᠪᠥᠬᠦ ᠪᠥᠮᠪᠥᠷᠴᠡᠭ ᠤᠨ ᠲᠣᠭᠠᠴᠢᠯᠠᠭᠰᠠᠨ ᠠᠷᠠᠯᠵᠢᠶ᠎ᠠ ᠥᠷᠨᠢᠨ ᠬᠥᠭᠵᠢᠵᠦ᠂ | ᠣᠯᠠᠨ ᠤᠯᠤᠰ ᠤᠨ ᠠᠷᠠᠯᠵᠢᠶᠠᠨ ᠤ ᠰᠢᠨ᠎ᠡ ᠭᠢᠯᠠᠰ ᠴᠡᠭ ᠪᠣᠯᠵᠠᠢ᠃ ᠣᠶᠢᠷ᠎ᠠ ᠶᠢᠨ ᠵᠢᠯ ᠠᠴᠠ᠂ ᠳᠤᠮᠳᠠᠳᠤ ᠤᠯᠤᠰ | ᠥᠨᠳᠥᠷ ᠪᠠᠷᠢᠮᠵᠢᠶᠠᠲᠤ ᠣᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠲᠠᠢ ᠢᠳᠡᠪᠬᠢᠲᠡᠢ ᠵᠣᠯᠭᠠᠯᠴᠠᠵᠤ᠂ | ᠲᠣᠭᠠᠴᠢᠯᠠᠭᠰᠠᠨ ᠠᠷᠠᠯᠵᠢᠶᠠᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠲᠣᠭᠠᠴᠢᠯᠠᠭᠰᠠᠨ | ᠠᠷᠠᠯᠵᠢᠶᠠᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ | ᠰᠢᠨ᠎ᠡ ᠬᠥᠭᠵᠢᠯᠲᠡ ᠪᠠᠷ ᠳᠡᠯᠡᠬᠡᠢ ᠳ᠋ᠠᠬᠢᠨ ᠳᠤ ᠲᠠᠰᠤᠷᠠᠯᠲᠠ ᠦᠭᠡᠢ ᠰᠢᠨ᠎ᠡ ᠠᠵᠠ ᠲᠣᠬᠢᠶᠠᠯ ᠬᠠᠩᠭᠠᠪᠠ᠃ | ᠡᠯ᠎ᠡ ᠲᠠᠯ᠎ᠠ ᠶᠢᠨ ᠬᠢᠨ ᠪᠥᠬᠦ ᠪᠥᠮᠪᠥᠷᠴᠡᠭ ᠤᠨ ᠲᠣᠭᠠᠴᠢᠯᠠᠭᠰᠠᠨ ᠠᠷᠠᠯᠵᠢᠶᠠᠨ ᠤ ᠦᠵᠡᠰᠬᠦᠯᠡᠩ ᠤᠨ | ᠴᠤᠭᠯᠠᠭᠠᠨ ᠤ ᠲᠠᠪᠴᠠᠩ ᠢ ᠭᠦᠢᠴᠡᠳ ᠠᠰᠢᠭᠯᠠᠵᠤ᠂ ᠬᠠᠮᠲᠤᠷᠠᠯᠴᠠᠭ᠎ᠠ ᠬᠢᠬᠦ ᠶᠢ ᠬᠠᠮᠲᠤ ᠪᠠᠷ ᠵᠥᠪᠳᠡᠯᠴᠡᠵᠦ᠂ | ᠬᠥᠭᠵᠢᠯᠲᠡ ᠶᠢ ᠬᠠᠮᠲᠤ ᠪᠠᠷ ᠠᠬᠢᠭᠤᠯᠬᠤ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ᠂ ᠲᠣᠭᠠᠴᠢᠯᠠᠭᠰᠠᠨ | ᠠᠷᠠᠯᠵᠢᠶ᠎ᠠ ᠶᠢ ᠬᠠᠮᠲᠤ ᠶᠢᠨ ᠬᠥᠭᠵᠢᠯᠲᠡᠡ ᠶᠢᠨ ᠰᠢᠨ᠎ᠡ ᠬᠥᠳᠡᠯᠭᠡᠭᠦᠷ ᠪᠣᠯᠭᠠᠵᠤ᠂ ᠳᠡᠯᠡᠬᠡᠢ ᠶᠢᠨ ᠠᠵᠤ ᠠᠬᠤᠢ ᠶᠢᠨ | ᠨᠡᠮᠡᠭᠳᠡᠯ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠬᠤᠶᠠᠳᠤᠭᠠᠷ ᠬᠤᠭᠤᠴᠠᠭᠠᠨ ᠤ ᠪᠥᠬᠦ ᠪᠥᠮᠪᠥᠷᠴᠡᠭ ᠤᠨ ᠲᠣᠭᠠᠴᠢᠯᠠᠭᠰᠠᠨ ᠠᠷᠠᠯᠵᠢᠶᠠᠨ ᠤ ᠦᠵᠡᠰᠬᠦᠯᠡᠩ ᠤᠨ | ᠴᠤᠭᠯᠠᠭᠠᠨ ᠲᠣᠰ ᠡᠳᠦᠷ ᠵᠧᠵᠢᠶᠠᠩ ᠮᠤᠵᠢ ᠶᠢᠨ ᠬᠠᠩᠵᠸᠤ ᠬᠤᠲᠠ ᠳᠤ ᠡᠬᠢᠯᠡᠵᠦ᠂ ︽ᠲᠣᠭᠠᠴᠢᠯᠠᠭᠰᠠᠨ ᠠᠷᠠᠯᠵᠢᠶ᠎ᠠ | ᠬᠤᠳᠠᠯᠳᠤᠭ᠎ᠠ ᠪᠠᠷ ᠪᠥᠬᠦ ᠪᠥᠮᠪᠥᠷᠴᠡᠭ ᠲᠤ ᠨᠡᠪᠲᠡᠷᠡᠨ᠎ᠡ︾ ᠭᠡᠬᠦ ᠪᠠᠷ ᠭᠤᠣᠯ ᠰᠡᠳᠦᠪ ᠪᠣᠯᠭᠠᠵᠤ᠂ ᠵᠧᠵᠢᠶᠠᠩ | ᠮᠤᠵᠢ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠬᠠᠮᠲᠤᠷᠠᠨ | ᠭᠤᠣᠯᠯᠠᠨ ᠡᠷᠬᠢᠯᠡᠪᠡ᠃ |