ᠰᠦᠢ ᠸᠧᠢ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠪᠥᠬᠦ ᠬᠤᠲᠠ ᠶᠢᠨ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/12/4
    11 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠶᠠᠪᠤᠳᠠᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠰᠦᠢ ᠸᠧᠢ ᠵᠢᠶᠦ᠋ᠨ᠂ ᠤᠰᠤᠨ ᠤ ᠡᠬᠢ ᠪᠠᠶᠠᠯᠢᠭ ᠪᠣᠯ ᠮᠠᠨ ᠤ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠠᠮᠢᠨ ᠰᠤᠳᠠᠰᠤ ᠮᠥᠨ᠃ ᠪᠦᠬᠦ ᠬᠤᠳᠠ ᠪᠠᠷ ᠢᠶᠠᠨ ᠦᠵᠡᠯ ᠰᠠᠨᠠᠭ᠎ᠠ ᠪᠠᠨ ᠴᠢᠨᠠᠭᠰᠢᠳᠠ ᠨᠢᠭᠡᠳᠬᠡᠵᠦ᠂ ᠤᠰᠤᠨ ᠤ ᠡᠬᠢ ᠪᠠᠶᠠᠯᠢᠭ ᠤᠨ ᠲᠤᠶᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠬᠡᠯᠡᠪᠡ᠃     ᠰᠦᠢ ᠸᠧᠢ ᠵᠢᠶᠦ᠋ᠨ᠂ ︽ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠥᠨᠳᠥᠷ ᠪᠦᠲᠦᠮᠵᠢᠲᠡᠢ ᠠᠰᠢᠭᠯᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠲᠠᠷᠢᠶᠠᠯᠠᠩ ᠤᠨ ᠤᠰᠤ ᠠᠷᠪᠢᠯᠠᠬᠤ ᠠᠵᠢᠯ ᠢ ᠰᠠᠶᠢᠲᠤᠷ ᠬᠢᠵᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠪᠤᠭᠰᠠᠨ ᠢ ᠵᠠᠰᠠᠬᠤ ᠠᠵᠢᠯ ᠢ ᠭᠦᠨᠵᠡᠭᠡᠢ ᠠᠬᠢᠭᠤᠯᠵᠤ᠂ ᠤᠰᠤᠨ ᠤ ᠦᠨ᠎ᠡ ᠶᠢ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠤᠰᠤ ᠠᠷᠪᠢᠯᠠᠬᠤ ᠦᠷ᠎ᠡ ᠪᠦᠲᠦᠮᠵᠢ ᠪᠠ ᠲᠠᠯᠠᠪᠠᠢ ᠨᠢᠭᠡᠴᠢ ᠶᠢᠨ ᠤᠨᠠᠯᠲᠠ ᠶᠢᠨ ᠨᠡᠮᠡᠭᠳᠡᠯ ᠤᠨ ᠬᠦᠴᠦᠨ ᠢ ᠳᠡᠭᠡᠭᠰᠢᠯᠡᠭᠦᠯᠵᠦ᠂ ᠤᠰᠤ ᠶᠡᠭᠡ ᠬᠤᠷᠣᠭᠳᠠᠭᠤᠯᠬᠤ ᠲᠠᠷᠢᠮᠠᠯ ᠢ ᠵᠣᠬᠢᠬᠤ ᠬᠡᠮᠵᠢᠶ᠎ᠡ ᠪᠠᠷ ᠪᠠᠭᠠᠰᠬᠠᠨ᠂ ᠬᠠᠭᠤᠷᠠᠢ ᠲᠠᠷᠢᠮᠠᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠬᠤ ᠬᠡᠷᠡᠭᠲᠡᠢ︔ ᠬᠤᠳᠠ ᠪᠠᠯᠭᠠᠰᠤᠨ ᠤ ᠤᠰᠤ ᠠᠷᠪᠢᠯᠠᠬᠤ ᠶᠢ ᠨᠠᠶᠢᠳᠠᠪᠤᠷᠢᠵᠢᠭᠤᠯᠵᠤ᠂ ᠤᠰᠤ ᠬᠠᠩᠭᠠᠬᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠣᠬᠢᠷ ᠤᠰᠤ ᠪᠣᠷᠣᠭᠠᠨ ᠤ ᠤᠰᠤ ᠶᠢ ᠴᠤᠭᠯᠠᠭᠤᠯᠤᠨ ᠠᠰᠢᠭᠯᠠᠬᠤ ᠨᠤᠷᠮ᠎ᠠ ᠶᠢ ᠳᠡᠭᠡᠭᠰᠢᠯᠡᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ︔ ᠠᠵᠤ ᠦᠢᠯᠡᠳᠪᠦᠷᠢ ᠶᠢᠨ ᠤᠰᠤ ᠠᠷᠪᠢᠯᠠᠬᠤ ᠠᠵᠢᠯ ᠢ ᠰᠠᠶᠢᠲᠤᠷ ᠠᠳᠬᠤᠵᠤ᠂ ᠤᠰᠤ ᠬᠡᠷᠡᠭᠯᠡᠬᠦ ᠵᠥᠪᠰᠢᠶᠡᠷᠡᠯ ᠢ ᠴᠢᠩᠳᠠᠯᠠᠵᠤ᠂ ᠨᠤᠷᠮᠠᠴᠢᠯᠠᠨ ᠬᠠᠮᠢᠶᠠᠷᠬᠤ ᠪᠠ ᠤᠰᠤ ᠠᠷᠪᠢᠯᠠᠬᠤ ︽ᠬᠤᠶᠠᠷ ᠢ ᠡᠵᠡᠮᠳᠡᠬᠦ︾ ᠶᠢ ᠬᠡᠷᠡᠭᠵᠢᠭᠦᠯᠵᠦ᠂ ᠳᠤᠮᠳᠠᠬᠢ ᠤᠰᠤ ᠶᠢ ᠣᠷᠴᠢᠯᠳᠤᠭᠤᠯᠤᠨ ᠠᠰᠢᠭᠯᠠᠬᠤ ᠨᠤᠷᠮ᠎ᠠ ᠶᠢ ᠴᠢᠩᠭᠠᠳᠬᠠᠬᠤ ᠬᠡᠷᠡᠭᠲᠡᠢ︔ ᠠᠮᠢ ᠠᠬᠤᠢ ᠶᠢᠨ ᠤᠰᠤ ᠠᠷᠪᠢᠯᠠᠬᠤ ᠶᠢ ᠲᠦᠯᠬᠢᠨ ᠠᠬᠢᠭᠤᠯᠵᠤ᠂ ᠤᠰᠤ ᠪᠠᠷ ᠨᠣᠭᠤᠭᠠᠨ ᠥᠩᠭᠡ ᠶᠢ ᠲᠣᠭᠲᠠᠭᠠᠬᠤ ᠶᠢ ᠪᠠᠷᠢᠮᠲᠠᠯᠠᠵᠤ᠂ ᠣᠷᠣᠨ ᠪᠦᠰᠡ ᠬᠤᠪᠢᠶᠠᠨ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠶᠢ ᠳᠡᠭᠡᠭᠰᠢᠯᠡᠭᠦᠯᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠲᠥᠯᠦᠪᠵᠢᠭᠦᠯᠭᠡ ᠶᠢ ᠰᠠᠶᠢᠲᠤᠷ ᠬᠢᠬᠦ ᠬᠡᠷᠡᠭᠲᠡᠢ ᠭᠡᠵᠦ ᠬᠡᠯᠡᠪᠡ᠃     ᠰᠦᠢ ᠸᠧᠢ ᠵᠢᠶᠦ᠋ᠨ᠂ ︽ᠤᠰᠤᠨ ᠤ ᠨᠡᠮᠡᠭᠳᠡᠯ ᠤᠨ ᠬᠡᠮᠵᠢᠶ᠎ᠡ︾ ᠶᠢᠨ ᠠᠵᠢᠯ ᠢ ᠰᠠᠶᠢᠲᠤᠷ ᠬᠢᠵᠦ᠂ ᠤᠰᠤ ᠬᠠᠳᠠᠭᠠᠯᠠᠬᠤ᠂ ᠤᠰᠤ ᠨᠥᠭᠡᠴᠡᠯᠡᠬᠦ᠂ ᠤᠰᠤ ᠲᠣᠬᠢᠷᠠᠭᠤᠯᠬᠤ᠂ ᠤᠰᠤ ᠶᠢ ᠡᠷᠭᠢᠯᠳᠦᠭᠦᠯᠦᠨ ᠠᠰᠢᠭᠯᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠲᠦᠷᠦᠯ ᠵᠦᠢᠯ ᠤᠨ ᠲᠥᠯᠦᠪᠵᠢᠭᠦᠯᠭᠡ ᠶᠢ ᠰᠠᠶᠢᠲᠤᠷ ᠬᠢᠵᠦ᠂ ᠬᠠᠤᠯᠢ ᠲᠣᠭᠲᠠᠭᠠᠯ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠪᠦᠬᠦ ᠲᠠᠯ᠎ᠠ ᠪᠠᠷ ᠤᠰᠤ ᠶᠢ ᠵᠠᠰᠠᠵᠤ᠂ ᠤᠰᠤ ᠶᠢ ᠴᠢᠩᠭ᠎ᠠ ᠠᠷᠪᠢᠯᠠᠵᠤ᠂ ᠤᠰᠤ ᠶᠢ ᠥᠨᠳᠥᠷ ᠪᠦᠲᠦᠮᠵᠢᠲᠡᠢ ᠬᠡᠷᠡᠭᠯᠡᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠰᠤᠨ ᠤ ᠠᠮᠤᠷ ᠲᠦᠪᠰᠢᠨ ᠤ ᠪᠠᠲᠤ ᠪᠠᠬᠢ ᠪᠠᠲᠤᠯᠠᠭ᠎ᠠ ᠶᠢ ᠬᠠᠩᠭᠠᠬᠤ ᠬᠡᠷᠡᠭᠲᠡᠢ ᠭᠡᠵᠦ ᠬᠡᠯᠡᠪᠡ᠃     ᠹᠠᠩ ᠽᠧ᠂ ᠯᠢ ᠵᠢᠶᠠᠨ ᠵᠢᠶᠦ᠋ᠨ᠂ ᠢᠦᠢ ᠬᠠᠢ ᠴᠧᠩ ᠣᠷᠣᠯᠴᠠᠵᠠᠢ᠃                                                ᠣᠷᠴᠢᠭᠤᠯᠤᠭᠴᠢ᠄ ᠭᠤᠸ᠎ᠠ                                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2