| | ᠣᠶᠢᠷ᠎ᠠ ᠶᠢᠨ ᠵᠢᠯ ᠤᠨ ᠲᠤᠷᠰᠢ᠂ ᠮᠠᠨ ᠤ ᠬᠤᠲᠠ ᠣᠯᠠᠨ ᠠᠴᠠ ᠬᠡᠲᠦᠶᠢᠳᠦᠭᠰᠡᠨ ᠮᠥᠰᠥ ᠴᠠᠰᠤᠨ ᠤ ᠡᠬᠢ | ᠪᠠᠶᠠᠯᠢᠭ ᠪᠠ ᠭᠠᠵᠠᠷ ᠣᠷᠣᠨ ᠤ ᠳᠠᠪᠠᠭᠤᠯᠢᠭ ᠲᠠᠭᠠᠨ ᠲᠦᠰᠢᠭᠯᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ︽ | ᠭᠤᠷᠪᠠᠨ ᠳ᠋ᠦᠩᠰᠢᠭᠤᠷ ᠬᠥᠮᠥᠨ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ | ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠡᠬᠡ ᠤᠯᠤᠰ ᠤᠨ ᠤᠮᠠᠷᠠᠲᠤ ᠬᠢᠯᠢ ᠳᠤ ︽ᠮᠥᠰᠥ ᠴᠠᠰᠤᠨ ᠳᠤ | ᠬᠤᠴᠢᠭᠳᠠᠭᠰᠠᠨ ᠭᠠᠵᠠᠷ ᠴᠤ ᠠᠯᠲᠠᠨ ᠠᠭᠤᠯᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ | ᠣᠶᠢᠯᠠᠭᠠᠭᠳᠠᠬᠤᠨ ᠢ ᠠᠮᠢᠳᠤᠯᠢᠭ ᠢᠶᠠᠷ ᠦᠢᠯᠡᠳᠦᠯᠭᠡᠵᠢᠭᠦᠯᠵᠦ᠂ ᠮᠥᠰᠥ ᠴᠠᠰᠤᠨ ᠤ ︽ᠬᠦᠢᠲᠡᠨ ᠡᠬᠢ ᠪᠠᠶᠠᠯᠢᠭ︾ ᠢ | ︽ᠬᠠᠯᠠᠭᠤᠨ ᠠᠵᠤ ᠦᠢᠯᠡᠰ︾ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠨᠠᠩ ᠣᠯᠠᠨ ᠬᠤᠲᠠ ᠶᠢᠨ | ᠠᠷᠠᠳ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠵᠤ᠂ ᠮᠥᠰᠥ ᠴᠠᠰᠤᠨ ᠤ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠦᠨ᠂ ᠮᠥᠰᠥ ᠴᠠᠰᠤᠨ ᠤ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | 11 ᠰᠠᠷ᠎ᠠ ᠶᠢᠨ 24 ᠤ ᠡᠳᠦᠷ᠂ ᠳ᠋ᠠ ᠾᠧ ᠸᠠᠨ ᠤ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠶ | ᠵᠢᠨᠢᠩ ᠲᠣᠭᠤᠷᠢᠭ ᠤᠨ ᠢ ᠯᠢ ᠳ᠋ᠦᠩ ᠹᠠᠩ ᠰᠤᠷᠭᠠᠭᠤᠯᠢ ᠶᠢᠨ ᠱᠦ ᠭᠤᠸᠠᠩ ᠰᠤᠷᠭᠠᠭᠤᠯᠢ ᠶᠢᠨ ᠲᠣᠭᠤᠷᠢᠭ ᠤᠨ | 300 ᠰᠢᠬᠠᠮ ᠬᠥᠮᠥᠨ ᠢᠶᠠᠷ ᠪᠦᠷᠢᠯᠳᠦᠭᠰᠡᠨ ᠰᠤᠳᠤᠯᠤᠨ ᠰᠤᠷᠤᠯᠴᠠᠬᠤ ᠪᠦᠯᠬᠦᠮ ᠢ ᠭᠥᠯᠢᠶᠡᠨ ᠠᠪᠴᠤ ᠵᠣᠴᠢᠯᠠᠪᠠ᠃ | ᠠᠳᠡ᠂ ᠬᠡᠦᠬᠡᠳ ᠤᠳ ᠴᠠᠨ᠎ᠠ ᠭᠢᠰᠬᠢᠨ ᠴᠠᠰᠤᠨ ᠳᠤ ᠭᠤᠯᠭᠤᠬᠤ ᠲᠠᠯᠠᠪᠠᠢ ᠪᠠᠷ ᠰᠦᠯᠵᠢᠯᠳᠦᠵᠦ᠂ ᠬᠦᠷᠢᠶᠡᠯᠡᠩ | ᠲᠣᠭᠤᠷᠢᠭ ᠤᠨ ᠬᠠᠮᠤᠭ ᠤᠨ ᠦᠵᠡᠰᠬᠦᠯᠡᠩᠲᠦ ᠰᠠᠶᠢᠬᠠᠨ ᠦᠵᠡᠮᠵᠢ ᠪᠣᠯᠤᠭᠰᠠᠨ ᠪᠠᠶᠢᠨ᠎ᠠ᠃ ︽ᠪᠢ ᠪᠠᠭ᠎ᠠ | ᠰᠤᠷᠭᠠᠭᠤᠯᠢ ᠶᠢᠨ ᠭᠤᠷᠪᠠᠳᠤᠭᠠᠷ ᠣᠨ ᠠᠴᠠ ᠪᠠᠨ ᠴᠠᠰᠤᠨ ᠳᠤ ᠭᠤᠯᠭᠤᠵᠦ ᠡᠬᠢᠯᠡᠵᠡᠢ᠃ ᠨᠠᠳᠠ ᠳᠤ ᠠᠪᠴᠤ | ᠬᠡᠯᠡᠪᠡᠯ᠂ ᠴᠠᠰᠤᠨ ᠳᠤ ᠭᠤᠯᠭᠤᠬᠤ ᠨᠢ ᠪᠡᠶ᠎ᠡ ᠮᠠᠬᠠᠪᠤᠳ ᠢ ᠴᠢᠭᠢᠷᠠᠭᠵᠢᠭᠤᠯᠬᠤ ᠪᠠᠷ ᠪᠠᠷᠠᠬᠤ ᠦᠭᠡᠢ᠂ ᠪᠡᠶ᠎ᠡ | ᠰᠡᠳᠬᠢᠯ ᠢ ᠴᠦ ᠲᠠᠶᠢᠪᠤᠰᠢᠷᠠᠭᠤᠯᠵᠤ ᠴᠢᠳᠠᠨ᠎ᠠ᠂ ᠪᠢ ᠡᠨᠡ ᠬᠦ ᠲᠠᠮᠢᠷ ᠤᠨ ᠬᠥᠳᠡᠯᠭᠡᠭᠡᠨ ᠳᠤ ᠣᠨᠴᠠᠭᠠᠶ ᠳᠤᠷᠠᠲᠠᠢ᠂ | ᠨᠡᠩ ᠣᠯᠠᠨ ᠵᠠᠯᠠᠭᠤᠴᠤᠳ ᠪᠠᠭᠠᠴᠤᠳ ᠴᠠᠰᠤᠨ ᠳᠤ ᠭᠤᠯᠭᠤᠬᠤ ᠳᠤ ᠣᠷᠣᠯᠴᠠᠵᠤ᠂ ᠮᠥᠰᠥ ᠴᠠᠰᠤᠨ ᠤ ᠲᠠᠮᠢᠷ ᠤᠨ | ᠬᠥᠳᠡᠯᠭᠡᠭᠡᠨ ᠤ ᠷᠢᠳᠢ ᠰᠢᠳᠢ ᠶᠢ ᠬᠠᠮᠲᠤ ᠪᠠᠷ ᠡᠳ᠋ᠯᠡᠬᠦ ᠶᠢ ᠬᠦᠰᠡᠵᠦ ᠪᠠᠶᠢᠨ᠎ᠠ︾ ᠭᠡᠵᠦ ᠲᠤᠰ ᠰᠤᠷᠭᠠᠭᠤᠯᠢ ᠶᠢᠨ | ᠨᠠᠢᠮᠠᠳᠤᠭᠠᠷ ᠣᠨ ᠤ ᠰᠤᠷᠤᠭᠴᠢ ᠬᠤᠤ ᠶᠦᠨ ᠫᠧᠩ ᠪᠠᠶᠠᠷᠲᠠᠢ ᠪᠠᠷ ᠬᠡᠯᠡᠪᠡ᠃ | ᠣᠶᠢᠷ᠎ᠠ ᠶᠢᠨ ᠵᠢᠯ ᠤᠳ ᠲᠤ᠂ ᠳ᠋ᠠ ᠾᠧ ᠸᠠᠨ ᠤ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠶ | ᠰᠠᠭᠤᠷᠢ ᠲᠥᠬᠦᠭᠡᠷᠦᠮᠵᠢ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠵᠢᠭᠤᠯᠴᠢᠯᠠᠯ ᠤᠨ ᠪᠦᠲᠦᠭᠡᠭᠳᠡᠬᠦᠨ ᠢᠶᠠᠨ | ᠪᠠᠶᠠᠯᠢᠭᠵᠢᠭᠤᠯᠤᠨ᠂ ᠦᠢᠯᠡᠴᠢᠯᠡᠭᠡᠨ ᠤ ᠶᠠᠰᠤ ᠴᠢᠨᠠᠷ ᠢᠶᠠᠨ ᠰᠠᠶᠢᠵᠢᠷᠠᠭᠤᠯᠵᠤ᠂ ᠴᠠᠰᠤᠨ ᠳᠤ ᠭᠤᠯᠭᠤᠬᠤ | ᠲᠠᠯᠠᠪᠠᠶ ᠶᠢᠨ ᠠᠯᠳᠠᠷᠰᠢᠯ ᠤᠯᠠᠮ ᠢᠶᠠᠷ ᠳᠡᠭᠡᠭᠰᠢᠯᠡᠵᠦ᠂ ᠵᠢᠭᠤᠯᠴᠢᠯᠠᠯ ᠤᠨ ᠬᠥᠮᠥᠨ ᠤ ᠲᠤᠭ᠎ᠠ ᠵᠢᠯ ᠳᠠᠷᠠᠭᠠᠯᠠᠨ | ᠨᠡᠮᠡᠭᠳᠡᠵᠦ᠂ ᠮᠥᠰᠥ ᠴᠠᠰᠤᠨ ᠤ ᠠᠵᠤ ᠦᠢᠯᠡᠰ ᠢ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠨᠡᠮᠡᠭᠳᠡᠯ ᠤᠨ ᠴᠡᠭ | ᠪᠣᠯᠭᠠᠵᠤ᠂ ᠮᠠᠨ ᠤ ᠬᠤᠲᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠶᠡᠭᠡ ᠬᠥᠭᠵᠢᠯᠲᠡ ᠳᠤ ᠬᠦᠴᠦᠨ | ᠨᠡᠮᠡᠷᠢᠯᠡᠬᠦᠯᠦᠨᠡ᠃ | ᠳ᠋ᠠ ᠾᠧ ᠸᠠᠨ ᠤ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠶᠢᠨ ᠵᠤᠭᠠᠴᠠᠭᠰᠠᠳ ᠤᠨ ᠲᠥᠪ ᠲᠤ | ᠬᠦᠷᠬᠦ ᠳᠤ᠂ ᠰᠤᠷᠪᠤᠯᠵᠢᠯᠠᠭᠴᠢ ᠠᠴᠠ ᠮᠥᠷ ᠮᠥᠷ ᠴᠠᠨ᠎ᠠ ᠶᠢᠨ ᠬᠠᠪᠲᠠᠰᠤ᠂ ᠴᠠᠨ᠎ᠠ ᠶᠢᠨ ᠲᠠᠶᠠᠭ ᠵᠡᠷᠭᠡ ᠴᠠᠰᠤᠨ ᠳᠤ | ᠭᠤᠯᠭᠤᠬᠤ ᠬᠡᠷᠡᠭᠰᠡᠯ᠂ ᠬᠠᠮᠠᠭᠠᠯᠠᠯᠲᠠ ᠶᠢᠨ ᠬᠡᠷᠡᠭᠰᠡᠯ ᠢ ᠪᠠᠷᠠᠭᠠᠨ ᠤ ᠲᠠᠯᠪᠢᠭᠤᠷ ᠳᠡᠭᠡᠷ᠎ᠡ ᠲᠡᠷᠢ ᠲᠡᠭᠰᠢ ᠲᠠᠯᠪᠢᠬᠤ ᠳᠤ | ᠠᠵᠢᠯᠲᠠᠳ ᠡᠮᠬᠢ ᠳᠢᠭᠯᠢᠮ ᠲᠠᠢ ᠪᠠᠷ ᠶᠠᠭᠠᠷᠠᠯᠳᠤᠵᠤ ᠪᠠᠶᠢᠬᠤ ᠶᠢ ᠣᠯᠵᠤ ᠬᠠᠷᠠᠪᠠ᠃ ᠴᠠᠰᠤᠨ ᠳᠤ ᠭᠤᠯᠭᠤᠬᠤ | ᠲᠠᠯᠠᠪᠠᠶ ᠳᠤ ᠣᠯᠠᠨ ᠴᠠᠰᠤ ᠵᠤᠬᠢᠶᠠᠬᠤ ᠮᠠᠰᠢᠨ ᠪᠠᠶᠢᠵᠤ᠂ ᠠᠵᠢᠯᠲᠠᠳ ᠪᠠᠶᠢᠨ ᠪᠠᠶᠢᠨ ᠴᠠᠰᠤ ᠵᠤᠬᠢᠶᠠᠬᠤ | ᠮᠠᠰᠢᠨ ᠤ ᠪᠠᠨ ᠴᠢᠭᠯᠡᠯ ᠢ ᠲᠣᠬᠢᠷᠠᠭᠤᠯᠵᠤ᠂ ᠠᠳᠠᠯᠢ ᠪᠤᠰᠤ ᠴᠢᠭᠯᠡᠯ ᠢᠶᠠᠷ ᠲᠠᠰᠤᠷᠠᠯᠲᠠ ᠦᠭᠡᠢ ᠴᠠᠰᠤᠨ ᠮᠠᠨᠠᠨ | ᠰᠦᠷᠴᠢᠵᠦ ᠪᠠᠶᠢᠯ᠎ᠠ᠃ ᠴᠠᠰᠤᠨ ᠳᠤ ᠭᠤᠯᠭᠤᠬᠤ ᠲᠠᠯᠠᠪᠠᠶ ᠨᠢ ᠠᠩᠬ᠎ᠠ ᠵᠡᠷᠭᠡ ᠶᠢᠨ ᠭᠤᠯᠭᠤᠬᠤ ᠵᠠᠮ᠂ ᠳᠤᠮᠳᠠ | ᠵᠡᠷᠭᠡ ᠶᠢᠨ ᠭᠤᠯᠭᠤᠬᠤ ᠵᠠᠮ᠂ ᠪᠣᠯᠪᠠᠰᠤᠷᠠᠯ ᠤᠨ ᠵᠠᠮ ᠵᠡᠷᠭᠡ ᠶᠢ ᠲᠣᠬᠢᠷᠠᠭᠤᠯᠵᠤ᠂ ᠠᠳᠠᠯᠢ ᠪᠤᠰᠤ ᠨᠠᠰᠤᠨ ᠤ ᠪᠠ | ᠠᠳᠠᠯᠢ ᠪᠤᠰᠤ ᠬᠢᠷᠢ ᠲᠦᠪᠰᠢᠨ ᠲᠠᠢ ᠴᠠᠰᠤᠨ ᠳᠤ ᠭᠤᠯᠭᠤᠬᠤ ᠬᠥᠮᠥᠰ ᠤᠨ ᠬᠡᠷᠡᠭᠴᠡᠭᠡ ᠶᠢ ᠬᠠᠩᠭᠠᠵᠦ ᠳᠡᠶᠢᠯᠦᠨ᠎ᠡ᠃ | ︽ᠬᠦᠳᠡᠯᠭᠡᠭᠡᠨ ᠤ ᠡᠬᠢᠨ ᠤ ᠬᠤᠭᠤᠴᠠᠭᠠᠨ ᠳᠤ᠂ ᠪᠢᠳᠡ ᠠᠵᠢᠯᠲᠠᠨ ᠤ ᠪᠣᠯᠪᠠᠰᠤᠷᠠᠭᠤᠯᠤᠯ᠂ ᠵᠥᠭᠡᠯᠡᠨ | ᠲᠣᠨᠤᠭ ᠲᠥᠬᠦᠭᠡᠷᠦᠮᠵᠢ ᠵᠡᠷᠭᠡ ᠲᠠᠯ᠎ᠠ ᠪᠠᠷ ᠭᠦᠢᠴᠡᠳ ᠪᠡᠯᠡᠳᠬᠡᠯ ᠠᠵᠢᠯ ᠬᠢᠵᠡᠢ᠃ ᠦᠩᠭᠡᠷᠡᠭᠰᠡᠨ ᠵᠢᠯ ᠤᠨ ᠬᠢ ᠲᠠᠢ | ᠠᠳᠠᠯᠢ ᠦᠭᠡᠢ ᠨᠢ ᠭᠡᠪᠡᠯ᠂ ᠪᠢᠳᠡ ᠴᠠᠰᠤᠨ ᠤ ᠬᠡᠷᠡᠭᠰᠡᠯ ᠤᠨ ᠶᠡᠭᠡ ᠲᠢᠩᠬᠢᠮ ᠢ ᠰᠢᠯᠢᠳᠡᠭᠵᠢᠭᠦᠯᠬᠦ ᠶᠢᠨ ᠬᠠᠮᠲᠤ | ᠰᠢᠳᠢᠲᠦ ᠦᠵᠡᠭᠦᠯᠦᠯᠭᠡ ᠶᠢᠨ ᠲᠣᠭᠯᠠᠯᠲᠠ᠂ ︿ᠲᠣᠮᠣ ᠨᠠᠭᠠᠳᠤᠮᠴᠢᠨ﹀ ᠵᠡᠷᠭᠡ ᠵᠤᠭ᠎ᠠ ᠴᠡᠩᠭᠡᠯ ᠤᠨ ᠠᠵᠢᠯᠯᠠᠭ᠎ᠠ ᠶᠢ | ᠨᠡᠮᠡᠨ ᠪᠠᠶᠢᠭᠤᠯᠵᠤ᠂ ᠠᠳᠡ ᠢᠷᠡᠵᠦ ᠴᠠᠰᠤᠨ ᠳᠤ ᠭᠤᠯᠭᠤᠬᠤ ᠳᠤᠷᠠᠲᠠᠢ ᠬᠥᠮᠥᠰ ᠲᠤ ᠠᠳᠠᠯᠢ ᠪᠤᠰᠤ ᠮᠥᠰᠥ | ᠴᠠᠰᠤᠨ ᠤ ᠵᠤᠭ᠎ᠠ ᠴᠡᠩᠭᠡᠯ ᠬᠠᠩᠭᠠᠭᠰᠠᠨ ᠪᠠᠶᠢᠨ᠎ᠠ︾ ᠭᠡᠵᠡᠢ᠃ ᠳ᠋ᠠ ᠾᠧ ᠸᠠᠨ ᠤ ᠤᠯᠠᠨ ᠤᠯᠤᠰ ᠤᠨ | ᠴᠠᠰᠤᠨ ᠳᠤ ᠭᠤᠯᠭᠤᠬᠤ ᠲᠠᠯᠠᠪᠠᠢ ᠶᠢᠨ ᠡᠵᠡᠩᠨᠡᠯᠲᠡ ᠶᠢᠨ ᠶᠡᠷᠦᠩᠬᠡᠢ ᠬᠢᠨᠠᠭᠴᠢ ᠯᠢᠦ ᠶᠢᠨ ᠾᠦᠢ ᠳᠠᠨᠢᠯᠴᠠᠭᠤᠯᠬᠤ | ᠳᠠᠭᠠᠨ᠂ ᠳ᠋ᠠ ᠾᠧ ᠸᠠᠨ ᠤ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ 11 ᠰᠠᠷ᠎ᠠ ᠶᠢᠨ 10 ᠤ ᠡᠳᠦᠷ | ᠵᠢᠩᠬᠢᠨᠢ ᠪᠠᠷ ᠡᠬᠢᠯᠡᠪᠡ᠂ ᠰᠢᠨ᠎ᠡ ᠪᠠᠷ ᠲᠡᠰ ᠲᠡᠪᠰᠢᠬᠰᠠᠨ ᠴᠠᠰᠤᠨ ᠳᠤ ᠭᠤᠯᠭᠤᠬᠤ ᠲᠠᠯᠠᠪᠤᠷ 28 ᠲᠦᠮᠡᠨ ᠲᠡᠭᠰᠢ | ᠳᠥᠷᠪᠡᠯᠵᠢᠨ ᠮᠧᠲᠷ ᠪᠠᠶᠢᠵᠤ᠂ 10 ᠵᠤᠷᠪᠤᠰ ᠠᠳᠠᠯᠢ ᠪᠤᠰᠤ ᠨᠠᠯᠠᠤᠴᠠ ᠲᠠᠢ ᠴᠠᠰᠤᠨ ᠵᠠᠮ ᠤᠨ ᠡᠭᠴᠡ | ᠪᠠᠭᠤᠯᠲᠠ ᠶᠢᠨ ᠵᠥᠷᠢᠶ᠎ᠡ 110 ᠮᠥ᠋ᠲᠷ ᠪᠠᠶᠢᠵᠤ᠂ 3000 ᠭᠠᠷᠤᠢ ᠬᠥᠮᠥᠨ ᠵᠡᠷᠭᠡᠪᠡᠷ ᠴᠠᠰᠤᠨ ᠳᠤ ᠭᠤᠯᠭᠤᠵᠤ | ᠪᠣᠯᠣᠨ᠎ᠠ ᠭᠡᠪᠠ᠃ ᠣᠳᠣ ᠪᠣᠯᠲᠠᠯ᠎ᠠ ᠴᠠᠰᠤᠨ ᠳᠤ ᠭᠤᠯᠭᠤᠬᠤ ᠲᠠᠯᠠᠪᠠᠶ ᠳᠤ 9000 ᠰᠢᠬᠠᠮ ᠵᠤᠭᠠᠴᠠᠭᠰᠠᠳ ᠢ | ᠬᠦᠯᠢᠶᠡᠨ ᠠᠪᠴᠤ᠂ 40 ᠲᠦᠮᠡᠨ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠡᠢ᠃ | ᠡᠭᠦᠨ ᠠᠴᠠ ᠭᠠᠳᠠᠨ᠎ᠠ᠂ ᠳ᠋ᠠ ᠾᠧ ᠸᠠᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠶ ᠨᠢ ᠡᠨᠡ | ᠵᠢᠯ ᠤᠨ ᠤᠯᠠᠭᠠᠨᠴᠠᠪ ᠤᠨ ︽ᠮᠥᠰᠥ ᠴᠠᠰᠤᠨ ᠤ ᠬᠠᠶᠢᠷ᠎ᠠ ᠳᠤᠷᠠᠯᠠᠯ︾ ᠤᠨ ᠬᠥᠳᠡᠯᠭᠡᠭᠡᠨ ᠤ ᠤᠯᠠᠷᠢᠯ ᠤᠨ ᠭᠤᠣᠯ | ᠲᠠᠯᠠᠪᠤᠷ ᠪᠣᠯᠤᠭᠰᠠᠨ ᠤ ᠬᠤᠪᠢ ᠳᠤ᠂ 12 ᠰᠠᠷ᠎ᠠ ᠶᠢᠨ 8 ᠤ ᠡᠳᠦᠷ ᠠᠴᠠ ᠲᠣᠰ ᠤᠳᠠᠭᠠᠨ ᠤ ᠬᠥᠳᠡᠯᠭᠡᠭᠡᠨ ᠤ | ᠤᠯᠠᠷᠢᠯ ᠢ ᠵᠢᠩᠬᠢᠨᠢ ᠪᠠᠷ ᠡᠬᠢᠯᠡᠭᠦᠯᠬᠦ ᠪᠣᠯᠣᠨ᠎ᠠ᠃ ᠲᠤᠬᠠᠢ ᠶᠢᠨ ᠦᠶ᠎ᠡ ᠳᠤ᠂ ᠠᠳᠡ ᠪᠠᠰᠠ ᠭᠡᠷ ᠪᠦᠯᠢ ᠶᠢᠨ | ᠴᠠᠰᠤᠨ ᠳᠤ ᠭᠤᠯᠭᠤᠬᠤ ᠥᠷᠢᠰᠦᠯᠳᠦᠭᠡᠨ ᠤ ᠤᠷᠤᠯᠳᠤᠭᠠᠨ᠂ ᠰᠥᠨᠢ ᠶᠢᠨ ᠮᠥᠰᠥᠨ ᠱᠤᠭᠤᠮᠠᠯ ᠤᠨ ᠴᠡᠩᠭᠡᠯ ᠤᠨ | ᠬᠦᠷᠢᠶᠡᠯᠡᠩ᠂ ᠠᠷᠠᠳ ᠤᠨ ᠵᠠᠩ ᠦᠶᠯᠡ ᠶᠢᠨ ᠰᠣᠶᠣᠯ ᠤᠨ ᠲᠣᠭᠯᠠᠯᠲᠠ᠂ ᠲᠠᠯ᠎ᠠ ᠨᠤᠲᠤᠭ ᠤᠨ ᠬᠤᠸᠠᠷ | ᠫᠤᠤᠵᠢᠩ ᠤᠨ ᠦᠵᠡᠭᠦᠯᠦᠯᠭᠡ ᠵᠡᠷᠭᠡ ᠣᠯᠠᠨ ᠵᠦᠢᠯ ᠤᠨ ᠭᠤᠣᠯ ᠰᠡᠳᠦᠪᠲᠦ ᠮᠥᠰᠥ ᠴᠠᠰᠤᠨ ᠤ ᠠᠵᠢᠯᠯᠠᠭ᠎ᠠ ᠶᠢ | ᠡᠷᠭᠢᠯᠡᠵᠦ᠂ ︽ᠰᠠᠷ᠎ᠠ ᠪᠣᠯᠭᠠᠨ ᠪᠠᠶᠠᠷ ᠳᠤᠷᠠᠰᠬᠠᠯ ᠲᠠᠢ᠂ ᠭᠠᠷᠠᠭ ᠪᠣᠯᠭᠠᠨ ᠤᠷᠤᠯᠳᠤᠭᠠᠨ ᠲᠠᠢ᠂ ᠡᠳᠦᠷ ᠪᠣᠯᠭᠠᠨ | ᠬᠥᠳᠡᠯᠭᠡᠭᠡᠨ ᠬᠢᠬᠦ︾ ᠠᠭᠤᠷ ᠠᠮᠢᠰᠬᠤᠯ ᠢ ᠪᠣᠶ ᠪᠣᠯᠭᠠᠬᠤ ᠪᠣᠯᠣᠨ᠎ᠠ᠃ ᠣᠳᠣᠬᠠᠨ ᠳᠤ᠂ ᠡᠯ᠎ᠡ ᠵᠦᠢᠯ ᠤᠨ ᠭᠤᠣᠯ | ᠰᠡᠳᠦᠪᠲᠦ ᠠᠵᠢᠯᠯᠠᠭ᠎ᠠ ᠶᠢ ᠶᠠᠭ ᠲᠥᠯᠥᠪᠯᠡᠭᠡ ᠶᠣᠰᠣᠭᠠᠷ ᠡᠮᠬᠢ ᠵᠢᠷᠤᠮ ᠲᠠᠢ ᠪᠡᠯᠡᠳᠬᠡᠵᠦ ᠪᠠᠶᠢᠨ᠎ᠠ᠃ | ᠴᠠᠰᠤᠨ ᠳᠤ ᠭᠤᠯᠭᠤᠬᠤ ᠠᠴᠠ ᠭᠠᠳᠠᠨ᠎ᠠ᠂ ᠮᠥᠰᠥ ᠲᠡᠰᠢᠯᠲᠡ ᠶᠢᠨ ᠬᠥᠳᠡᠯᠭᠡᠭᠡᠨ ᠨᠢ ᠴᠦ ᠡᠪᠦᠯ ᠤᠨ | ᠡᠳᠦᠷ ᠤᠨ ᠷᠢᠳᠢ ᠰᠢᠳᠢ ᠶᠢ ᠮᠡᠳᠡᠷᠡᠬᠦ ᠰᠠᠶᠢᠨ ᠰᠣᠩᠭᠤᠯᠲᠠ ᠪᠣᠯᠬᠤ ᠶᠤᠮ᠃ ᠤᠯᠠᠭᠠᠨᠴᠠᠪ ᠤᠨ ᠬᠤᠷᠠᠯ | ᠦᠵᠡᠰᠬᠦᠯᠡᠩ ᠤᠨ ᠲᠥᠪ ᠤᠨ ᠪᠠᠷᠠᠭᠤᠨ ᠣᠷᠳᠣᠨ ᠤ ᠬᠤᠶᠠᠳᠤᠭᠠᠷ ᠳᠠᠪᠬᠤᠷᠯᠢᠭ ᠲᠤ ᠪᠠᠶᠢᠭ᠎ᠠ ᠤᠯᠠᠭᠠᠨᠴᠠᠪ ᠤᠨ | ᠮᠥᠰᠥ ᠲᠡᠰᠢᠯᠲᠡ ᠶᠢᠨ ᠣᠷᠳᠣᠨ ᠳᠤ᠂ ᠮᠥᠰᠥ ᠲᠡᠰᠢᠯᠲᠡ ᠳᠤ ᠪᠠᠭ᠋ᠠᠲᠠᠢ ᠬᠥᠮᠥᠰ ᠵᠠᠯᠭᠠᠭ᠎ᠠ ᠵᠠᠯᠭᠠᠭ᠎ᠠ ᠪᠠᠷ | ᠬᠦᠷᠦᠯᠴᠡᠨ ᠢᠷᠡᠵᠦ ᠪᠠᠶᠢᠯ᠎ᠠ᠃ ᠠᠳᠡ ᠣᠯᠠᠨ ᠢᠶᠠᠷ ᠢᠶᠠᠨ ᠮᠦᠰᠦ ᠲᠡᠰᠢᠵᠦ᠂ ᠮᠥᠰᠥᠨ ᠳᠡᠭᠡᠷ᠎ᠡ ᠳᠠᠪᠬᠢᠬᠤ | ᠬᠤᠷᠳᠤᠴᠠ ᠪᠠ ᠣᠷᠭᠢᠯᠤᠮ᠎ᠠ ᠰᠡᠳᠬᠢᠯᠭᠡ ᠶᠢ ᠬᠠᠨᠲᠠᠯ᠎ᠠ ᠡᠳ᠋ᠯᠡᠨ᠎ᠡ᠃ | | | | | | |