ᠪᠥᠬᠦ ᠬᠤᠲᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠤᠨ ᠲᠤᠬᠠᠢ ᠶᠢᠨ ᠲᠠᠯᠠᠪᠤᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/7
    12 ᠰᠠᠷ᠎ᠠ ᠶᠢᠨ 5 ᠤ ᠡᠳᠦᠷ᠂ ᠪᠥᠬᠦ ᠬᠤᠲᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠤᠨ ᠲᠤᠬᠠᠢ ᠶᠢᠨ ᠲᠠᠯᠠᠪᠤᠷ ᠤᠨ ᠬᠤᠷᠠᠯ ᠬᠤᠷᠠᠯᠳᠤᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠳᠠᠯ ᠠᠬᠤᠢ ᠶᠢᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠤᠨ ᠣᠯᠣᠭᠰᠠᠨ ᠦᠷ᠎ᠡ ᠪᠦᠲᠦᠭᠡᠯ ᠢ ᠲᠣᠭᠤᠷᠢᠨ ᠦᠵᠡᠵᠦ ᠰᠣᠯᠢᠯᠴᠠᠨ᠂ ᠠᠵᠢᠯ ᠤᠨ ᠲᠤᠷᠰᠢᠯᠭ᠎ᠠ ᠪᠠᠨ ᠳ᠋ᠦᠩᠨᠡᠵᠦ᠂ ᠲᠠᠷᠠᠭᠠᠴᠢ ᠶᠢᠨ ᠱᠠᠲᠤᠨ ᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃     ᠬᠤᠲᠠ ᠶᠢᠨ ᠳᠡᠳ᠋ ᠳᠠᠷᠤᠭ᠎ᠠ ᠢᠦᠢ ᠬᠠᠢ ᠴᠧᠩ ᠬᠤᠷᠠᠯ ᠳᠤ ᠣᠷᠣᠯᠴᠠᠪᠠ᠃     ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠷᠢᠳ ᠬᠤᠵᠢᠳ ᠵᠦᠩ ᠳ᠋ᠦᠸᠧ ᠢᠦᠢ ᠵᠤᠰᠠᠯᠠᠩ᠂ ᠯᠢᠶᠠᠨ ᠰᠢᠨ ᠶᠤᠸᠠᠨ ᠰᠠᠭᠤᠭᠠᠯᠢ ᠲᠣᠭᠤᠷᠢᠭ᠂ ᠰᠢᠨ ᠨᠢᠩ ᠭᠡᠷ ᠣᠷᠣᠨ᠂ ᠪᠠᠢ ᠹᠦ᠋ ᠰᠧ ᠵᠢᠢ ᠵᠡᠷᠭᠡ ᠰᠠᠭᠤᠭᠠᠯᠢ ᠲᠣᠭᠤᠷᠢᠭ ᠲᠤ ᠬᠦᠷᠴᠦ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ᠂ ᠥᠮᠴᠢᠲᠡᠨ ᠤ ᠥᠪᠡᠷᠲᠡᠭᠡᠨ ᠵᠠᠰᠠᠬᠤ ᠵᠠᠭᠪᠤᠷ ᠵᠢᠴᠢ ᠬᠤᠪᠢᠰᠬᠠᠯ ᠤᠨ ᠠᠳᠠᠯ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠳᠥᠷᠪᠡᠳ ᠬᠤᠰᠢᠭᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠡᠰᠡᠭ ᠲᠥᠯᠥᠭᠡᠯᠡᠭᠴᠢ ᠲᠣᠰ ᠲᠣᠰ ᠬᠤᠷᠠᠯ ᠳᠡᠭᠡᠷ᠎ᠡ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃     ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠲᠠᠷᠠᠭᠠᠴᠢ ᠶᠢᠨ ᠠᠯᠬᠤᠮ ᠳᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠣᠯᠠᠨ ᠲᠦᠮᠡᠨ ᠤ ᠰᠠᠨᠠᠭ᠎ᠠ ᠵᠣᠪᠠᠭ᠋ᠤ ᠶᠠᠪᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠵᠢᠯ ᠲᠥᠷᠥᠯ ᠤᠨ ᠬᠠᠮᠢᠶᠠᠷᠤᠯᠲᠠ ᠪᠠ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠬᠡᠷᠡᠭᠵᠢᠭᠦᠯᠦᠨ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠦᠢᠯᠡᠴᠢᠯᠡᠭᠡᠨ ᠤ ᠭᠤᠣᠯ ᠴᠣᠭᠴᠠ ᠶᠢ ᠰᠢᠯᠢᠳᠡᠭᠵᠢᠭᠦᠯᠬᠦ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠥᠮᠴᠢᠲᠡᠨ ᠤ ᠵᠥᠪᠯᠡᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠤᠨ ᠨᠡᠶᠢᠯᠡᠮᠡᠯ ᠬᠦᠴᠦᠨ ᠢ ᠦᠨᠡᠨᠬᠦ ᠴᠢᠩᠭᠠᠳᠬᠠᠬᠤ ᠬᠡᠷᠡᠭᠲᠡᠢ᠃ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠲᠥᠷᠥᠯ ᠤᠨ ᠪᠣᠯᠪᠠᠰᠤᠷᠠᠭᠤᠯᠤᠯ ᠢ ᠴᠢᠩᠭᠠᠳᠬᠠᠨ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠮᠠᠨ ᠤ ᠬᠤᠲᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃                                                   ᠣᠷᠴᠢᠭᠤᠯᠤᠭᠴᠢ᠄ ᠭᠤᠸ᠎ᠠ                                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2