︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ︾ ᠤ ᠤᠯᠠᠭᠠᠨᠴᠠᠪ ᠤᠨ ᠤᠷᠤᠯᠳᠤᠭᠠᠨ ᠤ ᠲᠣᠭᠤᠷᠢᠭ ᠠᠴᠠ ᠠᠮᠤᠷ ᠢ ᠬᠠᠮᠠᠭᠠᠯᠠᠬᠤ ᠠᠵᠢᠯ ᠢ ᠪᠠᠶᠢᠷᠢᠯᠠᠭᠤᠯᠵᠤ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ︾ ᠤ ᠠᠮᠤᠷ ᠲᠦᠪᠰᠢᠨ ᠢᠶᠠᠷ ᠤᠷᠤᠭᠰᠢᠲᠠᠢ ᠶᠠᠪᠤᠭᠳᠠᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2023/12/7
    ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ︾ ᠤ ᠵᠣᠬᠢᠶᠠᠨ ᠪᠠᠶᠢᠭᠤᠯᠬᠤ ᠺᠣᠮᠢᠰ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ︾ ᠤ ᠠᠮᠤᠷ ᠢ ᠬᠠᠮᠠᠭᠠᠯᠠᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠠᠮᠤᠷ ᠢ ᠬᠠᠮᠠᠭᠠᠯᠠᠬᠤ ᠠᠵᠢᠯ ᠤᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠬᠤ ᠶᠢᠨ ᠲᠤᠰᠠᠳᠠ᠂ 12 ᠰᠠᠷ᠎ᠠ ᠶᠢᠨ 5 ᠤ ᠡᠳᠦᠷ ᠯᠢᠶᠡᠩᠴᠧᠩ ᠰᠢᠶᠠᠨ ᠤ ᠴᠠᠰᠤᠨ ᠳᠤ ᠭᠤᠯᠭᠤᠬᠤ ᠲᠠᠯᠠᠪᠠᠶ ᠳᠤ ᠪᠥᠬᠦ ᠬᠤᠲᠠ ᠶᠢᠨ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ︾ ᠤ ᠠᠮᠤᠷ ᠢ ᠬᠠᠮᠠᠭᠠᠯᠠᠬᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ︾ ᠤ ᠠᠮᠤᠷ ᠢ ᠬᠠᠮᠠᠭᠠᠯᠠᠬᠤ ᠠᠵᠢᠯ ᠢ ᠪᠠᠶᠢᠷᠢᠯᠠᠭᠤᠯᠤᠨ ᠠᠬᠢᠭᠤᠯᠪᠠ᠃ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠴᠠᠢ ᠶᠤᠸᠠᠢ᠂ ᠯᠢᠶᠡᠩᠴᠧᠩ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢᠦ ᠶᠢᠨ ᠲᠤᠸ ᠵᠢᠴᠢ ᠬᠤᠲᠠ ᠰᠢᠶᠠᠨ ᠬᠤᠶᠠᠷ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠯ᠎ᠡ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃     ᠬᠤᠷᠠᠯ ᠠᠴᠠ ᠠᠮᠤᠷ ᠢ ᠬᠠᠮᠠᠭᠠᠯᠠᠬᠤ ᠠᠵᠢᠯ ᠤᠨ ᠳᠤᠭᠤᠶᠢᠯᠠᠩ ᠤᠨ ᠡᠯ᠎ᠡ ᠰᠠᠯᠠᠭ᠎ᠠ ᠮᠥᠴᠢᠷ ᠤᠨ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ︾ ᠤ ᠠᠮᠤᠷ ᠢ ᠬᠠᠮᠠᠭᠠᠯᠠᠬᠤ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠠᠶᠢᠳᠠᠯ ᠢ ᠪᠦᠬᠦ ᠲᠠᠯ᠎ᠠ ᠪᠠᠷ ᠵᠠᠳᠠᠯᠵᠤ᠂ ᠠᠰᠠᠭᠤᠳᠠᠯ ᠪᠣᠯᠣᠨ ᠬᠦᠷᠦᠯᠴᠡᠬᠦ ᠦᠭᠡᠢ ᠲᠠᠯ᠎ᠠ ᠶᠢ ᠡᠷᠢᠵᠦ᠂ ᠤᠳᠠᠯ ᠦᠭᠡᠢ ᠥᠷᠨᠢᠭᠦᠯᠬᠦ ᠪᠠᠷ ᠪᠠᠶᠢᠭ᠎ᠠ ᠤᠷᠤᠯᠳᠤᠭᠠᠨ ᠤ ᠠᠵᠢᠯᠯᠠᠭ᠎ᠠ ᠵᠢᠴᠢ ᠬᠤᠶᠢᠰᠢᠳᠠ ᠶᠢᠨ ᠡᠯ᠎ᠡ ᠵᠦᠢᠯ ᠤᠨ ᠠᠮᠤᠷ ᠢ ᠬᠠᠮᠠᠭᠠᠯᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ︾ ᠤ ᠤᠯᠠᠭᠠᠨᠴᠠᠪ ᠤᠨ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠤ ᠠᠵᠢᠯ ᠢ ᠰᠠᠶᠢᠲᠤᠷ ᠡᠷᠭᠢᠯᠡᠬᠦ ᠪᠣᠯ ᠪᠥᠬᠦ ᠬᠤᠲᠠ ᠶᠢᠨ ᠨᠢᠭᠡᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠠᠮᠤᠷ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠪᠣᠯ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ  ᠤᠨ ᠤᠯᠠᠷᠢᠯ ᠤᠨ ᠲᠠᠮᠢᠷ ᠤᠨ ᠤᠷᠤᠯᠳᠤᠭᠠᠨ︾ ᠤ ᠠᠮᠤᠷ ᠲᠦᠪᠰᠢᠨ ᠢᠶᠠᠷ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠴᠢᠬᠤᠯᠠ ᠤᠷᠢᠲᠠᠯ ᠪᠠ ᠰᠠᠭᠤᠷᠢ ᠮᠥᠨ᠃ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ︾ ᠤ ᠠᠮᠤᠷ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠳᠡᠭᠡᠭᠰᠢᠯᠡᠬᠦᠯᠦᠨ᠂ ᠬᠢᠵᠠᠭᠠᠷ ᠱᠤᠭᠤᠮ ᠤᠨ ᠰᠡᠳᠬᠢᠬᠦᠢ ᠪᠠᠨ ᠪᠠᠲᠤ ᠪᠠᠬᠢ ᠪᠣᠯᠭᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠥᠨᠳᠥᠷ ᠪᠠᠷᠢᠮᠵᠢᠶ᠎ᠠ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠱᠠᠭᠠᠷᠳᠠᠯᠭ᠎ᠠ ᠪᠠᠷ ᠪᠥᠬᠦ ᠴᠠᠭᠳᠠᠭᠠᠨ ᠤ ᠬᠦᠴᠦᠨ ᠢ ᠳᠠᠶᠢᠴᠢᠯᠠᠨ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ︾ ᠤ ᠠᠮᠤᠷ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2