ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠤᠳᠤᠷᠢᠳᠬᠤ ᠲᠤᠰᠬᠠᠢ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/8
   12 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠤᠳᠤᠷᠢᠳᠬᠤ ᠲᠤᠰᠬᠠᠢ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠤᠯᠠᠭᠠᠨᠴᠠᠪ ᠬᠤᠲᠠ ᠶᠢᠨ ᠤᠰᠤ ᠠᠷᠪᠢᠯᠠᠵᠤ ᠤᠰᠤ ᠶᠢ ᠡᠵᠡᠮᠳᠡᠬᠦ ᠠᠷᠭ᠎ᠠ ᠬᠡᠮᠵᠢᠶ᠎ᠡ ᠨᠦᠭᠦᠳ︾ ︽ᠤᠯᠠᠭᠠᠨᠴᠠᠪ ᠬᠤᠲᠠ ᠶᠢᠨ ᠡᠳ᠋ ᠤᠨ ᠶᠠᠪᠤᠳᠠᠯ ᠤᠨ ᠨᠢᠭᠲᠠᠯᠠᠨ ᠪᠤᠳᠤᠭᠴᠢ ᠶᠢᠨ ᠬᠢᠨᠠᠯᠲᠠ ᠲᠠᠯᠪᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠪᠣᠯᠣᠨ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠤᠶ ᠪᠣᠯᠭᠠᠬᠤ ᠡᠨᠡᠬᠦ ᠭᠤᠣᠯ ᠰᠢᠵᠢᠮ ᠢ ᠴᠢᠩᠭ᠎ᠠ ᠠᠳᠬᠤᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠦᠵᠡᠯ ᠰᠠᠨᠠᠭᠠᠨ ᠤ ᠬᠥᠭᠵᠢᠯᠲᠡ ᠶᠢ ᠠᠬᠢᠭᠤᠯᠬᠤ ᠪᠠᠷ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠤᠨ ᠪᠣᠳᠠᠰ ᠤᠨ ᠰᠠᠭᠤᠷᠢ ᠶᠢ ᠲᠠᠰᠤᠷᠠᠯᠳᠡ ᠦᠭᠡᠢ ᠪᠠᠲᠤᠳᠬᠠᠨ ᠪᠠᠬᠢᠵᠢᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢᠶᠠᠷ ᠬᠤᠯᠪᠣᠭᠠᠰᠤ ᠪᠣᠯᠭᠠᠨ᠂ ᠦᠨᠳᠦᠰᠦᠲᠡᠨ ᠨᠦᠭᠦᠳ ᠤᠨ ᠬᠠᠮᠲᠤᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠤᠢ ᠪᠣᠯᠭᠠᠨ ᠲᠤᠪᠤᠶᠢᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠᠳᠤ ᠶᠢᠨ ᠰᠣᠶᠣᠯ ᠢ ᠮᠡᠳᠡᠷᠡᠬᠦ ᠰᠡᠳᠬᠢᠯᠭᠡ ᠶᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ︽ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠰᠣᠠ ᠤ ᠡᠬᠢ ᠪᠠᠶᠠᠯᠢᠭ ᠢ ᠬᠠᠮᠤᠭ ᠤᠨ ᠴᠢᠩᠭ᠎ᠠ ᠬᠢᠵᠠᠭᠠᠷᠯᠠᠯ ᠪᠣᠯᠭᠠᠵᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠬᠤᠲᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠠᠪᠤᠳᠠᠯ ᠢ ᠲᠦᠯᠬᠢᠨ ᠠᠬᠢᠭᠤᠯᠵᠤ᠂ ᠣᠰᠣᠠ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠴᠢᠳᠠᠪᠤᠷᠢ ᠶᠢ ᠲᠠᠰᠣᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠰᠤ ᠠᠷᠪᠢᠯᠠᠬᠤ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠪᠦᠬᠦ ᠠᠷᠠᠳ ᠤᠨ ᠤᠰᠤ ᠠᠷᠪᠢᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠪᠦᠬᠦ ᠨᠡᠶᠢᠭᠡᠮ ᠤᠨ ᠤᠰᠤ ᠠᠷᠪᠢᠯᠠᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠲᠣᠳᠣᠷᠬᠠᠢ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠡᠳ᠋ ᠤᠨ ᠶᠠᠪᠤᠳᠠᠯ ᠨᠢᠭᠲᠠᠯᠠᠨ ᠪᠤᠳᠤᠬᠤ ᠠᠵᠢᠯ ᠳᠤ ᠬᠢᠨᠠᠯᠲᠠ ᠲᠠᠯᠪᠢᠬᠤ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                 ᠣᠷᠴᠢᠭᠤᠯᠤᠭᠴᠢ᠄ ᠭᠤᠸ᠎ᠠ                                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2