ᠰᠢ ᠶᠢᠨ ᠫᠢᠩ ᠡᠸᠦ᠋ᠷᠦᠫᠡ ᠲᠢᠪ ᠤᠨ ᠬᠡᠷᠡᠭ ᠡᠷᠭᠢᠯᠡᠭᠴᠢᠳ ᠤᠨ ᠬᠤᠷᠠᠯ ᠤᠨ ᠲᠡᠷᠢᠭᠦᠯᠡᠭᠴᠢ ᠮᠢᠰᠢᠶᠧᠷ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠣᠭᠠᠨ ᠤ ᠵᠥᠪᠯᠡᠯ ᠤᠨ ᠲᠡᠷᠢᠭᠦᠯᠡᠭᠴᠢ ᠹᠧᠩᠳᠧᠯᠠᠶᠢ᠊ · ᠧᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2023/12/9
    ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 7 ᠤ ᠴᠠᠭᠢᠯᠭᠠᠨ ᠮᠡᠳᠡᠭᠡ 12 ᠰᠠᠷ᠎ᠠ ᠶᠢᠨ 7 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳ᠋ᠢᠶᠣᠣ ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠳᠤ ᠬᠤᠷᠢᠨ ᠳᠥᠷᠪᠡᠳᠦᠭᠡᠷ ᠤᠳᠠᠭ᠎ᠠ ᠶᠢᠨ ᠳᠤᠮᠳᠠᠳᠤ ᠤᠯᠤᠰ — ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠤᠳᠤᠷᠢᠳᠬᠤ ᠬᠥᠮᠥᠰ ᠤᠨ ᠠᠭᠤᠯᠵᠠᠯᠲᠠ ᠬᠢᠬᠦ ᠪᠠᠷ ᠢᠷᠡᠭᠰᠡᠨ ᠡᠸᠦ᠋ᠷᠦᠫᠡ ᠲᠢᠪ ᠤᠨ ᠬᠡᠷᠡᠭ ᠡᠷᠭᠢᠯᠡᠭᠴᠢᠳ ᠤᠨ ᠬᠤᠷᠠᠯ ᠤᠨ ᠲᠡᠷᠢᠭᠦᠯᠡᠭᠴᠢ ᠮᠢᠰᠢᠶᠧᠷ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠵᠥᠪᠯᠡᠯ ᠤᠨ ᠲᠡᠷᠢᠭᠦᠯᠡᠭᠴᠢ ᠹᠧᠩᠳᠧᠯᠠᠶᠢ᠊ · ᠧᠨ ᠲᠠᠢ ᠠᠭᠤᠯᠵᠠᠪᠠ᠃     ᠰᠢ ᠶᠢᠨ ᠫᠢᠩ᠂ ᠨᠢᠳᠤᠨᠤᠨ ᠵᠢᠯ ᠤᠨ ᠰᠡᠭᠦᠯᠴᠢ ᠠᠴᠠ ᠨᠠᠭᠠᠰᠢ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠳᠤ ᠪᠠᠬᠢᠵᠢᠨ ᠬᠥᠭᠵᠢᠬᠦ ᠰᠠᠶᠢᠨ ᠰᠠᠶᠢᠬᠠᠨ ᠬᠠᠨᠳᠤᠰᠢ ᠢᠯᠡᠷᠡᠵᠦ᠂ ᠪᠠᠶᠢᠯᠳᠤᠬᠤ ᠪᠣᠳᠣᠯᠭ᠎ᠠ᠂ ᠠᠵᠤ ᠠᠬᠤᠢ ᠠᠷᠠᠯᠵᠢᠶ᠎ᠠ᠂ ᠪᠣᠬᠢᠷᠳᠤᠯ ᠦᠭᠡᠢ᠂ ᠲᠣᠭᠠᠴᠢᠯᠠᠭᠰᠠᠨ ᠬᠦᠷᠢᠶᠡᠨ ᠤ ᠳᠡᠭᠡᠳᠦ ᠳᠠᠪᠬᠤᠷᠭ᠎ᠠ ᠶᠢᠨ ᠶᠠᠷᠢᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠵᠠᠢ᠂ ᠡᠨᠡ ᠨᠢ ᠬᠤᠶᠠᠷ ᠲᠠᠯ᠎ᠠ ᠶᠢᠨ ᠠᠰᠢᠭ ᠲᠤᠰᠠ ᠪᠣᠯᠣᠨ ᠠᠷᠠᠳ ᠲᠦᠮᠡᠨ ᠤ ᠬᠦᠰᠡᠯ ᠡᠷᠡᠮᠡᠯᠵᠡᠯ ᠲᠠᠢ ᠨᠡᠶᠢᠴᠡᠵᠦ ᠪᠤᠢ᠃ ᠳᠤᠮᠳᠠᠳᠤ ᠡᠸᠦ᠋ᠷᠦᠫᠡ ᠪᠣᠯ ᠤᠯᠠᠨ ᠲᠦᠢᠯᠰᠢᠷᠠᠯ ᠢ ᠠᠬᠢᠭᠤᠯᠬᠤ ᠬᠤᠶᠠᠷ ᠶᠡᠭᠡ ᠬᠦᠴᠦᠨ᠂ ᠳᠡᠯᠡᠬᠡᠶᠢᠵᠢᠯᠲᠡ ᠶᠢ ᠳᠡᠮᠵᠢᠬᠦ ᠬᠤᠶᠠᠷ ᠶᠡᠭᠡ ᠵᠠᠬ᠎ᠠ ᠳᠡᠯᠭᠡᠭᠦᠷ ᠮᠥᠨ᠂ ᠤᠯᠠᠨ ᠶᠠᠩᠵᠤᠲᠤ ᠴᠢᠨᠠᠷ ᠢ ᠰᠠᠨᠠᠭᠠᠴᠢᠯᠠᠵᠤ ᠪᠠᠶᠢᠭ᠎ᠠ ᠬᠤᠶᠠᠷ ᠶᠡᠭᠡ ᠪᠣᠯᠪᠠᠰᠤᠨ ᠮᠥᠨ᠂ ᠣᠳᠣᠬᠠᠨ ᠤ ᠲᠣᠭᠲᠠᠭᠤᠨ ᠪᠤᠰᠤ ᠪᠠᠶᠢᠳᠠᠯ ᠰᠢᠷᠦᠭᠦᠰᠴᠦ ᠪᠠᠶᠢᠭ᠎ᠠ ᠳᠡᠯᠡᠬᠡᠢ ᠶᠢᠨ ᠪᠠᠶᠢᠳᠠᠯ ᠤᠨ ᠳᠣᠣᠷ᠎ᠠ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠨᠢ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠠ ᠳᠡᠯᠡᠬᠡᠢ ᠶᠢᠨ ᠨᠥᠯᠥᠭᠡ ᠲᠠᠢ ᠪᠠᠶᠢᠵᠤ᠂ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠴᠡᠴᠡᠭᠯᠡᠯ ᠬᠥᠭᠵᠢᠯ ᠳᠤ ᠬᠤᠯᠪᠣᠭᠳᠠᠵᠤ ᠪᠠᠶᠢᠳᠠᠭ᠃ ᠬᠤᠶᠠᠷ ᠲᠠᠯ᠎ᠠ ᠪᠠᠷ ᠢᠶᠠᠨ ᠬᠠᠮᠲᠤ ᠪᠠᠷ ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠭᠤᠨ ᠴᠢᠨᠠᠷ ᠢ ᠬᠠᠩᠭᠠᠵᠤ᠂ ᠬᠥᠭᠵᠢᠯᠲᠡ ᠳᠤ ᠨᠡᠩ ᠤᠯᠠᠨ ᠲᠦᠯᠬᠢᠴᠡ ᠬᠦᠴᠦᠨ ᠢ ᠬᠠᠩᠭᠠᠬᠤ ᠬᠠᠷᠢᠭᠤᠴᠠᠯᠭ᠎ᠠ ᠲᠠᠢ ᠶᠤᠮ ᠭᠡᠵᠦ ᠵᠢᠭᠠᠵᠤ ᠭᠠᠷᠭᠠᠪᠠ᠃     ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠯᠤᠰ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠯᠤᠭ᠎ᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠤᠢ ᠪᠣᠯᠣᠨ᠎ᠠ᠃ ᠬᠤᠶᠠᠷ ᠲᠠᠯ᠎ᠠ ᠪᠠᠷ ᠢᠶᠠᠨ ᠲᠡᠦᠬᠡᠨ ᠲᠤᠷᠰᠢᠯᠭ᠎ᠠ ᠪᠠᠨ ᠳ᠋ᠦᠩᠨᠡᠵᠦ᠂ ᠳᠡᠯᠡᠬᠡᠢ ᠶᠢᠨ ᠶᠡᠭᠡ ᠬᠠᠨᠳᠤᠰᠢ ᠶᠢ ᠡᠵᠡᠮᠳᠡᠵᠦ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠵᠥᠪ ᠪᠠᠶᠢᠷᠢ ᠲᠣᠭᠲᠠᠭᠠᠯᠲᠠ ᠶᠢ ᠪᠠᠷᠢᠮᠲᠠᠯᠠᠶ᠎ᠠ᠃ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠰᠠᠭᠤᠷᠢ ᠪᠠᠨ ᠪᠠᠬᠢᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠬᠠᠷᠠᠭ᠎ᠠ ᠪᠠᠷ ᠲᠤᠰ ᠲᠤᠰ ᠲᠠᠭᠠᠨ ᠬᠠᠨᠳᠤᠬᠤ ᠶᠢ ᠪᠠᠷᠢᠮᠲᠠᠯᠠᠵᠤ᠂ ᠤᠳᠤᠷᠢᠳᠬᠤ ᠬᠥᠮᠥᠰ ᠤᠨ ᠠᠭᠤᠯᠵᠠᠯᠲᠠ ᠪᠣᠯᠣᠨ ᠳᠡᠭᠡᠳᠦ ᠳᠠᠪᠬᠤᠷᠭ᠎ᠠ ᠶᠢᠨ ᠲᠠᠪᠤᠨ ᠶᠡᠭᠡ ᠶᠠᠷᠢᠯᠴᠠᠭ᠎ᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠣᠯᠣᠯᠴᠠᠭ᠎ᠠ ᠪᠠᠨ ᠴᠢᠩᠭᠠᠳᠬᠠᠵᠤ᠂ ᠪᠦᠲᠦᠭᠡᠯᠴᠢ ᠴᠢᠨᠠᠷᠲᠠᠢ ᠶᠠᠷᠢᠯᠴᠠᠭ᠎ᠠ ᠪᠠᠷ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠵᠥᠷᠢᠯᠳᠦᠭᠡᠨ ᠢᠶᠠᠨ ᠵᠣᠬᠢᠰᠲᠠᠢ ᠰᠢᠢᠳᠪᠦᠷᠢᠯᠡᠶ᠎ᠡ᠃ ᠬᠤᠶᠠᠷ ᠲᠠᠯ᠎ᠠ ᠪᠠᠷ ᠢᠶᠠᠨ ᠵᠥᠪ ᠲᠠᠨᠢᠯᠲᠠ ᠶᠢ ᠪᠤᠢ ᠪᠤᠯᠭᠠᠵᠤ᠂ ᠣᠶᠢᠯᠠᠭᠠᠯᠴᠠᠭ᠎ᠠ ᠢᠲᠡᠭᠡᠯᠴᠡᠭᠡ ᠪᠠᠨ ᠨᠡᠮᠡᠭᠳᠡᠭᠦᠯᠵᠦ᠂ ᠢᠲᠡᠭᠡᠯ ᠵᠢᠷᠤᠮ ᠢ ᠡᠷᠬᠢᠮᠯᠡᠨ᠂ ᠨᠢᠭᠡ ᠰᠡᠳᠬᠢᠯ ᠨᠢᠭᠡ ᠵᠣᠷᠢᠭ ᠢᠶᠠᠷ ᠬᠠᠷᠢᠯᠴᠠᠭ᠎ᠠ ᠪᠠᠨ ᠬᠥᠭᠵᠢᠭᠦᠯᠵᠦ᠂ ᠪᠠᠶᠢᠭᠤᠯᠤᠯ ᠤᠨ ᠠᠳᠠᠯᠢ ᠪᠤᠰᠤ ᠶᠢ ᠬᠠᠷᠢᠯᠴᠠᠨ ᠥᠷᠢᠰᠦᠯᠳᠦᠭᠴᠢ ᠪᠠᠷ ᠦᠵᠡᠵᠦ ᠪᠤᠯᠬᠤ ᠦᠭᠡᠢ᠂ ᠥᠷᠢᠰᠦᠯᠳᠦᠭᠡᠨ ᠡᠭᠦᠰᠬᠦ ᠠᠴᠠ ᠪᠣᠯᠵᠤ ᠬᠠᠮᠲᠤᠷᠠᠯᠴᠠᠭ᠎ᠠ ᠪᠠᠨ ᠪᠠᠭᠠᠰᠬᠠᠵᠤ ᠪᠤᠯᠬᠤ ᠦᠭᠡᠢ᠂ ᠵᠥᠷᠢᠯᠳᠦᠭᠡᠨ ᠣᠷᠣᠰᠢᠬᠤ ᠠᠴᠠ ᠪᠣᠯᠵᠤ ᠡᠰᠡᠷᠭᠦᠴᠡᠯᠳᠦᠵᠦ ᠪᠤᠯᠬᠤ ᠦᠭᠡᠢ᠃ ᠳᠤᠮᠳᠠᠳᠤ ᠡᠸᠦ᠋ᠷᠦᠫᠡ ᠶᠢᠨ ᠠᠵᠤ ᠠᠬᠤᠢ ᠳᠡᠭᠡᠳᠦ ᠬᠡᠮᠵᠢᠶᠡᠨ ᠤ ᠬᠠᠷᠢᠯᠴᠠᠨ ᠨᠥᠬᠦᠪᠦᠷᠢᠯᠡᠬᠦ ᠴᠢᠨᠠᠷᠲᠠᠢ ᠶᠤᠮ᠂ ᠬᠤᠶᠠᠷ ᠲᠠᠯ᠎ᠠ ᠪᠠᠷ ᠢᠶᠠᠨ ᠢᠯᠡᠭᠦᠬᠡᠨ ᠨᠡᠮᠡᠬᠦ ᠠᠷᠭ᠎ᠠ ᠠᠪᠴᠤ᠂ ᠨᠡᠩ ᠭᠦᠨᠵᠡᠭᠡᠢ᠂ ᠨᠡᠩ ᠥᠷᠭᠡᠨ ᠳᠡᠯᠭᠡᠷ ᠬᠠᠮᠲᠤᠷᠠᠯᠴᠠᠭ᠎ᠠ ᠪᠠᠷ ᠳᠤᠮᠳᠠᠳᠤ ᠡᠸᠦ᠋ᠷᠦᠫᠡ ᠶᠢᠨ ᠠᠰᠢᠭ ᠲᠤᠰᠠ ᠶᠢᠨ ᠬᠠᠮᠲᠤ ᠶᠢᠨ ᠴᠣᠭᠴᠠ ᠶᠢᠨ ᠬᠤᠯᠪᠣᠭᠠᠰᠤ ᠶᠢ ᠴᠢᠩᠭᠠᠷᠠᠭᠤᠯᠤᠶ᠎ᠠ᠃ ᠳᠤᠮᠳᠠᠳᠤ ᠤᠯᠤᠰ ᠤᠨ ᠠᠵᠤ ᠠᠬᠤᠢ ᠶᠢᠨ ᠨᠡᠮᠡᠭᠳᠡᠯ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠪᠠᠨ ᠪᠠᠲᠤᠯᠠᠵᠤ ᠪᠠᠶᠢᠨ᠎ᠠ᠃ ᠳᠤᠮᠳᠠᠳᠤ ᠤᠯᠤᠰ ᠤᠳᠤ ᠶᠠᠭ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠨᠡᠭᠡᠭᠡᠯᠲᠡ ᠶᠢ ᠠᠬᠢᠭᠤᠯᠵᠤ ᠪᠠᠶᠢᠨ᠎ᠠ᠂ ᠳᠤᠷᠠᠲᠠᠶ᠎ᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠵᠠᠩᠭᠢᠯᠠᠭ᠎ᠠ ᠶᠢᠨ ᠬᠠᠨᠢᠲᠠᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠲᠡᠷᠢᠭᠦᠨ ᠴᠢᠬᠤᠯᠠ ᠬᠠᠨᠢᠲᠠᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭᠠᠨ ᠤ ᠨᠠᠶᠢᠳᠠᠪᠤᠷᠢᠲᠠᠢ ᠬᠠᠨᠢᠲᠠᠨ ᠪᠤᠯᠭᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠬᠥᠭᠡᠭᠡᠴᠡᠯᠳᠦᠵᠦ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠦᠶ᠎ᠡ᠃ ᠬᠤᠶᠠᠷ ᠲᠠᠯ᠎ᠠ ᠪᠠᠷ ᠢᠶᠠᠨ ᠵᠠᠬ᠎ᠠ ᠳᠡᠯᠭᠡᠭᠦᠷ᠂ ᠬᠥᠷᠥᠩᠭᠡ᠂ ᠮᠡᠷᠭᠡᠵᠢᠯ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠴᠢᠩᠭᠠᠳᠬᠠᠵᠤ᠂ ᠤᠯᠠᠮᠵᠢᠯᠠᠯᠲᠤ ᠠᠵᠤ ᠦᠢᠯᠡᠰ ᠤᠨ ᠲᠡᠰ ᠳᠡᠪᠰᠢᠬᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠬᠠᠮᠲᠤᠷᠠᠯᠴᠠᠭᠠᠨ ᠤ ᠰᠢᠨ᠎ᠡ ᠵᠠᠭᠪᠤᠷ ᠢ ᠰᠦᠪᠡᠭᠴᠢᠯᠡᠵᠦ᠂ ᠰᠢᠨ᠎ᠡ ᠨᠡᠮᠡᠭᠳᠡᠯ ᠤᠨ ᠴᠡᠭ ᠢ ᠡᠭᠦᠳᠴᠦ᠂ ᠬᠦᠴᠦ ᠪᠠᠨ ᠬᠠᠮᠲᠤᠳᠬᠠᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠡᠭᠦᠯᠳᠡᠷᠵᠢᠭᠦᠯᠪᠡᠯ ᠵᠣᠬᠢᠨ᠎ᠠ᠃ ᠬᠤᠶᠠᠷ ᠲᠠᠯ᠎ᠠ ᠪᠠᠷ ᠢᠶᠠᠨ ᠪᠠᠰᠠ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠦᠶ᠎ᠡ ᠭᠡᠵᠦ ᠴᠢᠬᠤᠯᠠᠴᠢᠯᠠᠪᠠ᠃     ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠ ᠡᠸᠦ᠋ᠷᠦᠫᠡ ᠲᠢᠪ ᠤᠨ ᠨᠢᠭᠡ ᠴᠣᠭᠴᠠᠵᠢᠯᠲᠠ ᠪᠣᠯ ᠳᠤᠮᠳᠠᠳᠤ ᠤᠯᠤᠰ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠲᠣᠰ ᠲᠣᠰ ᠤᠨ ᠢᠷᠡᠭᠡᠳᠦᠢ ᠪᠠᠨ ᠪᠣᠳᠣᠯᠬᠢᠯᠠᠵᠤ ᠭᠠᠷᠭᠠᠭᠰᠠᠨ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠮᠥᠨ᠂ ᠳᠤᠮᠳᠠᠳᠤ ᠤᠯᠤᠰ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠬᠠᠷᠢᠯᠴᠠᠨ ᠭᠦᠨᠳᠦᠳᠭᠡᠵᠦ᠂ ᠬᠠᠷᠢᠯᠴᠠᠨ ᠳᠡᠮᠵᠢᠵᠦ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠨ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠪᠡᠯ ᠵᠣᠬᠢᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠪᠣᠯ ᠨᠡᠭᠡᠭᠡᠯᠲᠡᠲᠤ ᠲᠠᠪᠴᠠᠩ ᠪᠠᠶᠢᠵᠤ᠂ ᠳᠡᠯᠡᠬᠡᠢ ᠶᠢᠨ 150 ᠭᠠᠷᠤᠢ ᠤᠯᠤᠰ ᠪᠠ ᠠᠷᠠᠳ ᠲᠦᠮᠡᠨ ᠳᠤ ᠦᠨᠡᠨ ᠪᠣᠳᠠᠲᠠᠢ ᠠᠰᠢᠭ ᠬᠦᠷᠲᠡᠭᠡᠪᠡ᠃ ᠬᠠᠷᠢᠭᠤ ᠲᠠᠢ ᠪᠣᠯ ᠪᠢᠷᠠᠭᠤ ᠲᠠᠢ ᠭᠡᠳᠡᠭ᠃ ᠳᠤᠮᠳᠠᠳᠤ ᠶᠢᠨ ᠲᠠᠯ᠎ᠠ ᠳᠤᠷᠠᠲᠠᠶ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠦᠷᠭᠦᠯᠵᠢᠯᠡᠨ ᠠᠬᠢᠭᠤᠯᠤᠨ᠎ᠠ᠂ ᠡᠭᠦᠨ ᠳᠤ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ︽ᠪᠦᠭᠦ ᠪᠥᠮᠪᠥᠷᠴᠡᠭ ᠤᠨ ᠡᠭᠦᠳᠡ ᠡᠷᠦᠭᠡ︾ ᠶᠢᠨ ᠲᠥᠯᠥᠪᠯᠡᠭᠡ ᠲᠠᠢ ᠵᠣᠯᠭᠠᠭᠤᠯᠬᠤ ᠶᠢ ᠪᠠᠭᠲᠠᠭᠠᠵᠤ᠂ ᠬᠠᠮᠲᠤ ᠪᠠᠷ ᠬᠥᠭᠵᠢᠵᠦ ᠪᠠᠶᠢᠭ᠎ᠠ ᠤᠯᠤᠰ ᠤᠳ ᠢ ᠬᠠᠪᠰᠤᠷᠤᠨ ᠬᠥᠭᠵᠢᠯᠲᠡ ᠶᠢ ᠨᠢ ᠲᠦᠷᠭᠡᠳᠬᠡᠨ᠎ᠡ᠃ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ ᠲᠠᠯ᠎ᠠ ᠶᠢᠨ ᠪᠦᠳᠦᠭᠦᠪᠴᠢ ᠲᠥᠰᠥᠪ ᠤᠨ ᠳᠣᠲᠣᠷ᠎ᠠ ᠣᠯᠣᠯᠴᠠᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠵᠤ᠂ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠯᠡᠭᠧᠷ ᠤᠨ ᠡᠰᠡᠷᠭᠦᠴᠡᠯᠳᠦᠯ ᠢ ᠡᠰᠡᠷᠭᠦᠴᠡᠵᠦ᠂ ᠤᠯᠠᠨ ᠤᠯᠤᠰ ᠤᠨ ᠪᠠ ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠤᠯᠤᠰ ᠲᠦᠷᠦ ᠪᠠᠷ ᠰᠢᠢᠳᠪᠦᠷᠢᠯᠡᠬᠦ ᠶᠢ ᠠᠬᠢᠭᠤᠯᠵᠤ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠥᠮᠥᠨ ᠲᠥᠷᠥᠯᠬᠢᠲᠡᠨ ᠤ ᠢᠷᠡᠭᠡᠳᠦᠢ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠤᠨ ᠲᠤᠬᠠᠢ ᠶᠠᠷᠢᠯᠴᠠᠭ᠎ᠠ ᠪᠠ ᠬᠠᠮᠲᠤᠷᠠᠯᠴᠠᠭ᠎ᠠ ᠥᠷᠨᠢᠭᠦᠯᠵᠦ᠂ ᠪᠦᠭᠦ ᠬᠥᠮᠥᠨ ᠲᠥᠷᠥᠯᠬᠢᠲᠡᠨ ᠤ ᠪᠤᠶᠠᠨ ᠵᠢᠷᠭᠠᠯ ᠢ ᠨᠡᠮᠡᠭᠳᠡᠭᠦᠯᠬᠦ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠬᠤ ᠳᠤ ᠬᠤᠪᠢ ᠨᠡᠮᠡᠷᠢ ᠦᠵᠡᠭᠦᠯᠦᠶ᠎ᠡ ᠭᠡᠵᠦ ᠴᠢᠬᠤᠯᠠᠴᠢᠯᠠᠪᠠ᠃     ᠮᠢᠰᠢᠶᠧᠷ ᠪᠣᠯᠣᠨ ᠹᠧᠩᠳᠧᠯᠠᠶᠢ᠊ · ᠧᠨ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ ᠤᠯᠤᠰ ᠪᠣᠯ ᠳᠡᠯᠡᠬᠡᠢ ᠶᠢᠨ ᠬᠤᠶᠠᠷ ᠶᠡᠭᠡ ᠬᠦᠴᠦᠨ ᠮᠥᠨ᠂ ᠬᠠᠷᠢᠯᠴᠠᠨ ᠴᠢᠬᠤᠯᠠ ᠠᠵᠤ ᠠᠬᠤᠢ ᠠᠷᠠᠯᠵᠢᠶᠠᠨ ᠤ ᠬᠠᠨᠢᠲᠠᠨ ᠪᠣᠯᠵᠤ᠂ ᠬᠠᠮᠲᠤᠷᠠᠯᠴᠠᠭᠠᠨ ᠤ ᠬᠦᠷᠢᠶ᠎ᠡ ᠡᠳᠦᠷ ᠢᠷᠡᠬᠦᠶ᠎ᠡ ᠥᠷᠭᠡᠵᠢᠵᠦ ᠪᠠᠶᠢᠨ᠎ᠠ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ ᠤᠯᠤᠰ ᠤᠨ ᠬᠠᠮᠲᠤᠷᠠᠯᠴᠠᠭ᠎ᠠ ᠪᠣᠯ ᠬᠠᠷᠢᠯᠴᠠᠨ ᠠᠰᠢᠭᠲᠠᠢ ᠡᠷᠬᠡ ᠲᠡᠭᠰᠢ ᠶᠤᠮ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ ᠤᠯᠤᠰ ᠤᠨ ᠬᠠᠷᠢᠯᠴᠠᠭ᠎ᠠ ᠶᠢ ᠰᠠᠶᠢᠲᠤᠷ ᠬᠠᠮᠢᠶᠠᠷᠴᠤ ᠰᠠᠶᠢᠲᠤᠷ ᠬᠥᠭᠵᠢᠭᠦᠯᠬᠦ ᠨᠢ ᠬᠤᠶᠠᠷ ᠲᠠᠯ᠎ᠠ ᠶᠢᠨ ᠠᠷᠠᠳ ᠲᠦᠮᠡᠨ ᠤ ᠠᠰᠢᠭ ᠲᠤᠰᠠ ᠳᠤ ᠰᠢᠭᠤᠳ ᠬᠤᠯᠪᠣᠭᠳᠠᠬᠤ ᠪᠥᠭᠡᠳ ᠳᠡᠯᠡᠬᠡᠢ ᠶᠢᠨ ᠬᠥᠭᠵᠢᠯ ᠴᠡᠴᠡᠭᠯᠡᠯ ᠪᠣᠯᠣᠨ ᠠᠮᠤᠷ ᠲᠦᠪᠰᠢᠨ ᠳᠤ ᠴᠦ ᠬᠤᠯᠪᠣᠭᠳᠠᠬᠤ ᠶᠤᠮ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠤᠮᠳᠠᠳᠤ ᠤᠯᠤᠰ ᠯᠤᠭ᠎ᠠ ᠬᠠᠷᠢᠯᠴᠠᠭ᠎ᠠ ᠬᠤᠯᠪᠤᠭ᠎ᠠ ᠲᠠᠰᠤᠷᠠᠬᠤ ᠶᠢ ᠬᠦᠰᠡᠬᠦ ᠦᠭᠡᠢ᠂ ᠳᠤᠮᠳᠠᠳᠤ ᠤᠯᠤᠰ ᠯᠤᠭ᠎ᠠ ᠤᠷᠳᠤ ᠬᠤᠭᠤᠴᠠᠭ᠎ᠠ ᠪᠠᠷ ᠲᠣᠭᠲᠠᠭᠤᠨ᠂ ᠲᠥᠰᠥᠭᠡᠯᠡᠵᠦ ᠪᠤᠯᠬᠤ᠂ ᠦᠷᠭᠦᠯᠵᠢᠯᠡᠬᠦ ᠬᠥᠭᠵᠢᠯᠲᠡ ᠶᠢᠨ ᠬᠠᠷᠢᠯᠴᠠᠭ᠎ᠠ ᠪᠠᠨ ᠬᠥᠭᠵᠢᠭᠦᠯᠬᠦ ᠶᠢ ᠬᠦᠰᠡᠨ᠎ᠡ᠂ ᠲᠤᠰ ᠤᠳᠠᠭ᠎ᠠ ᠶᠢᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ ᠤᠯᠤᠰ ᠤᠨ ᠤᠳᠤᠷᠢᠳᠬᠤ ᠬᠥᠮᠥᠰ ᠤᠨ ᠠᠭᠤᠯᠵᠠᠯᠲᠠ ᠪᠠᠷ ᠳᠠᠮᠵᠢᠨ ᠢᠷᠡᠭᠡᠳᠦᠢ ᠶᠢᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ ᠤᠯᠤᠰ ᠤᠨ ᠬᠠᠷᠢᠯᠴᠠᠭᠠᠨ ᠤ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠬᠢᠨ ᠡᠨᠡ ᠵᠢᠯ ᠠᠴᠠ ᠨᠠᠭᠠᠰᠢᠬᠢ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ ᠤᠯᠤᠰ ᠤᠨ ᠡᠯ᠎ᠡ ᠬᠦᠷᠢᠶᠡᠨ ᠤ ᠳᠡᠭᠡᠳᠦ ᠳᠠᠪᠬᠤᠷᠭ᠎ᠠ ᠶᠢᠨ ᠶᠠᠷᠢᠯᠴᠠᠭ᠎ᠠ ᠶᠢᠨ ᠦᠷ᠎ᠡ ᠪᠦᠲᠦᠭᠡᠯ ᠳᠤ ᠪᠠᠶᠠᠷᠯᠠᠵᠤ᠂ ᠳᠤᠮᠳᠠᠳᠤ ᠤᠯᠤᠰ ᠤᠨ ᠠᠵᠤ ᠠᠬᠤᠢ ᠶᠢᠨ ᠤᠷᠳᠤ ᠬᠤᠭᠤᠴᠠᠭ᠎ᠠ ᠪᠠᠷ ᠲᠣᠭᠲᠠᠭᠤᠨ ᠬᠥᠭᠵᠢᠬᠦ ᠨᠢ ᠡᠸᠦ᠋ᠷᠦᠫᠡ ᠲᠢᠪ ᠤᠨ ᠠᠰᠢᠭ ᠲᠤᠰᠠ ᠲᠠᠢ ᠨᠡᠶᠢᠴᠡᠨ᠎ᠡ᠂ ᠬᠤᠶᠠᠷ ᠲᠠᠯ᠎ᠠ ᠪᠠᠷ ᠢᠶᠠᠨ ᠠᠵᠤ ᠠᠬᠤᠢ ᠠᠷᠠᠯᠵᠢᠶ᠎ᠠ᠂ ᠪᠣᠬᠢᠷᠳᠤᠯ ᠦᠭᠡᠢ᠂ ᠲᠣᠭᠠᠴᠢᠯᠠᠯᠳᠠ ᠵᠡᠷᠭᠡ ᠬᠦᠷᠢᠶᠡᠨ ᠤ ᠶᠠᠷᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠠᠩᠭᠠᠯᠭ᠎ᠠ ᠶᠢᠨ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠶᠢᠨ ᠲᠣᠭᠲᠠᠭᠤᠨ ᠠᠮᠤᠷ ᠲᠦᠪᠰᠢᠨ ᠢ ᠬᠠᠮᠲᠤ ᠪᠠᠷ ᠴᠢᠷᠮᠠᠶᠢᠨ ᠬᠠᠮᠠᠭᠠᠯᠠᠬᠤ ᠶᠢᠨ ᠬᠠᠮᠲᠤ ᠠᠭᠤᠷ ᠠᠮᠢᠰᠬᠤᠯ ᠤᠨ ᠬᠤᠪᠢᠷᠠᠯᠲᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠥᠮᠥᠨ ᠲᠥᠷᠥᠯᠬᠢᠲᠡᠨ ᠤ ᠢᠷᠡᠭᠡᠳᠦᠢ ᠳᠤ ᠬᠤᠯᠪᠣᠭᠳᠠᠬᠤ ᠴᠢᠬᠤᠯᠠ ᠶᠡᠭᠡ ᠪᠦᠭᠦ ᠪᠥᠮᠪᠥᠷᠴᠡᠭ ᠤᠨ ᠴᠢᠨᠠᠷᠲᠠᠢ ᠠᠰᠠᠭᠤᠳᠠᠯ ᠤᠨ ᠲᠤᠬᠠᠢ ᠶᠠᠷᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭ᠎ᠠ ᠪᠠᠨ ᠡᠷᠢᠯᠬᠢᠯᠡᠬᠦ ᠶᠢ ᠬᠦᠰᠡᠵᠦ ᠪᠠᠶᠢᠨ᠎ᠠ ᠭᠡᠵᠦ ᠦᠵᠡᠵᠦ ᠪᠠᠶᠢᠨ᠎ᠠ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠪᠠᠷᠢᠮᠲᠠᠯᠠᠨ ᠬᠡᠷᠡᠭᠵᠢᠭᠦᠯᠦᠨ᠎ᠡ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠤᠨ ᠲᠠᠯ᠎ᠠ ᠶᠢᠨ ᠬᠢᠨ ᠲᠠᠢ ᠬᠠᠷᠢᠯᠴᠠᠨ ᠬᠦᠨᠳᠦᠳᠬᠡᠬᠦ᠂ ᠨᠡᠭᠡᠭᠡᠯᠲᠡᠲᠡᠢ ᠦᠨᠡᠨᠴᠢ ᠣᠪᠣᠷ ᠢᠶᠠᠷ ᠵᠥᠷᠢᠯᠳᠦᠭᠡᠨ ᠲᠠᠢ ᠠᠰᠠᠭᠤᠳᠠᠯ ᠤᠨ ᠲᠤᠬᠠᠢ ᠣᠯᠣᠯᠴᠠᠭ᠎ᠠ ᠪᠠᠨ ᠴᠢᠩᠭᠠᠳᠬᠠᠵᠤ᠂ ᠣᠶᠢᠯᠠᠭᠠᠯᠴᠠᠭ᠎ᠠ ᠪᠠᠨ ᠨᠡᠮᠡᠭᠳᠡᠭᠦᠯᠦᠨ᠎ᠡ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ ᠤᠯᠤᠰ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠳᠤ ᠬᠠᠮᠲᠤ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠠᠮᠲᠤ ᠶᠢᠨ ᠠᠰᠢᠭ ᠲᠤᠰᠠ ᠲᠠᠢ ᠶᠤᠮ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠳᠤᠷᠠᠲᠠᠶ᠎ᠠ ᠳᠤᠮᠳᠠᠳᠤ ᠤᠯᠤᠰ ᠯᠤᠭ᠎ᠠ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠤᠯᠠᠨ ᠲᠠᠯᠠᠲᠤ ᠦᠵᠡᠯ ᠢ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠣᠯᠣᠨ ᠵᠠᠷᠴᠢᠮ ᠢ ᠬᠠᠮᠠᠭᠠᠯᠠᠵᠤ᠂ ᠦᠺᠷᠠᠶᠢᠨ᠂ ᠳᠤᠮᠳᠠᠳᠤ ᠳᠣᠷᠣᠨᠠᠲᠤ ᠵᠡᠷᠭᠡ ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ ᠭᠡᠵᠦ ᠢᠯᠡᠳᠬᠡᠪᠡ᠃     ᠸᠠᠩ ᠢ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2