ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠳᠠᠭ᠎ᠠ ᠶᠢᠨ ᠨᠠᠭᠤᠷ ᠤᠨ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠶᠢᠨ ᠡᠯ᠎ᠡ ᠵᠦᠢᠯ ᠤᠨ ᠪᠡᠯᠡᠳᠬᠡᠯ ᠠᠵᠢᠯ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2023/2/1
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠡᠪᠦᠯ ᠤᠨ ᠤᠯᠠᠷᠢᠯ ᠤᠨ ᠬᠤᠶᠠᠷ ᠵᠦᠢᠯ ᠤᠨ ᠤᠷᠤᠯᠳᠤᠭᠠᠨ᠂ ᠬᠡᠭᠡᠷ᠎ᠡ ᠶᠢᠨ ᠴᠡᠨᠡᠯᠡᠯᠲᠡ ᠶᠢᠨ ᠤᠷᠤᠯᠳᠤᠭᠠᠨ 2023 ᠣᠨ ᠤ 2 ᠳ᠋ᠤᠭᠠᠷ ᠰᠠᠷ᠎ᠠ ᠶᠢᠨ 3 ᠤ ᠡᠳᠦᠷ ᠠᠴᠠ 14 ᠤ ᠡᠳᠦᠷ ᠪᠣᠯᠲᠠᠯ᠎ᠠ ᠤᠯᠠᠭᠠᠨᠴᠠᠪ ᠤᠨ ᠯᠢᠶᠡᠩᠴᠧᠩ ᠰᠢᠶᠠᠨ ᠤ ᠳᠠᠭ᠎ᠠ ᠶᠢᠨ ᠨᠠᠭᠤᠷ ᠤᠨ ᠣᠯᠠᠨ ᠤᠯᠤᠰ ᠤᠨ ᠴᠡᠨᠡᠯᠡᠯᠲᠡ ᠶᠢᠨ ᠳᠠᠯᠠᠪᠠᠢ ᠳᠤ ᠶᠠᠪᠤᠭᠳᠠᠨ᠎ᠠ᠃ ᠣᠳᠣᠬᠠᠨ ᠳᠤ᠂ ᠤᠷᠤᠯᠳᠤᠭᠠᠨ ᠤ ᠵᠠᠮ ᠢᠶᠠᠷ ᠴᠠᠰᠤ ᠭᠠᠷᠭᠠᠬᠤ ᠠᠵᠢᠯ ᠨᠢᠭᠡᠨᠲᠡ ᠦᠨᠳᠦᠰᠦᠨ ᠳᠡᠭᠡᠨ ᠳᠠᠭᠤᠰᠴᠤ᠂ ᠡᠯ᠎ᠡ ᠠᠵᠢᠯᠲᠠᠳ ᠶᠠᠭ ᠶᠠᠭᠠᠷᠠᠯᠲᠠᠢ ᠪᠠᠶᠢᠷᠢᠯᠠᠭᠤᠯᠤᠨ᠂ ᠡᠴᠦᠰ ᠲᠡᠭᠡᠨ ᠪᠥᠬᠦ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠡᠯ᠎ᠡ ᠲᠥᠷᠥᠯ ᠵᠦᠢᠯ ᠢ ᠤᠷᠤᠯᠳᠤᠭᠠᠨ ᠤ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ ᠤᠷᠤᠯᠳᠤᠭᠠᠨ ᠤ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠳᠤ ᠬᠦᠷᠭᠡᠵᠦ ᠪᠠᠶᠢᠨ᠎ᠠ᠃ ᠳᠠᠭ᠎ᠠ ᠶᠢᠨ ᠨᠠᠭᠤᠷ ᠤᠨ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠨᠢ ᠥᠪᠥᠷ ᠮᠣᠩᠭᠤᠯ ᠤᠨ ᠠᠷᠪᠠᠨ ᠲᠠᠪᠤᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠠᠯᠠᠪᠤᠷ ᠤᠨ ᠨᠢᠭᠡ ᠪᠣᠯᠤᠭᠰᠠᠨ ᠤ ᠬᠤᠪᠢ ᠳᠤ᠂ ᠡᠪᠦᠯ ᠤᠨ ᠤᠯᠠᠷᠢᠯ ᠤᠨ ᠴᠠᠰᠤᠨ ᠳᠤ ᠭᠤᠯᠭᠤᠬᠤ ᠣᠯᠠᠨ ᠵᠦᠢᠯ ᠤᠨ ᠤᠷᠤᠯᠳᠤᠭᠠᠨ ᠢ ᠡᠬᠦᠷᠬᠡᠯᠡᠵᠤ ᠪᠠᠶᠢᠨ᠎ᠠ᠃     ᠳᠠᠭ᠎ᠠ ᠶᠢᠨ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠶ ᠨᠢ ᠲᠣᠰ ᠤᠳᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠠᠯᠠᠪᠤᠷ ᠤᠨ ᠨᠢᠭᠡ ᠪᠣᠯᠤᠭᠰᠠᠨ ᠤ ᠬᠤᠪᠢ ᠳᠤ ᠥᠪᠡᠷᠮᠢᠴᠡ ᠳᠠᠪᠠᠭᠤᠯᠢᠭ ᠲᠠᠢ ᠪᠠᠶᠢᠵᠤ᠂ ᠥᠨᠳᠥᠷ᠂ ᠳᠤᠮᠳᠠ᠂ ᠠᠩᠬ᠎ᠠ ᠵᠡᠷᠭᠡ ᠶᠢᠨ ᠴᠠᠰᠤᠨ ᠳᠤ ᠭᠤᠯᠭᠤᠬᠤ ᠵᠠᠮ᠂ ᠵᠢᠭᠠᠨ ᠰᠤᠷᠭᠠᠯᠲᠠ ᠶᠢᠨ ᠵᠠᠮ ᠪᠠ ᠵᠤᠭ᠎ᠠ ᠴᠠᠰᠤᠨ ᠤ ᠵᠠᠮ ᠢ ᠨᠢᠭᠡᠨᠲᠡ ᠪᠠᠶᠢᠭᠤᠯᠵᠤ᠂ ᠣᠯᠠᠨ ᠤᠯᠤᠰ ᠤᠨ ᠪᠠᠷᠢᠮᠵᠢᠶᠠᠲᠤ ᠬᠡᠭᠡᠷ᠎ᠡ ᠶᠢᠨ ᠤᠷᠤᠯᠳᠤᠭᠠᠨ ᠤ ᠵᠠᠮ ᠪᠠ ᠳᠠᠩ ᠬᠠᠪᠲᠠᠰᠤᠲᠤ ᠪᠠᠷᠢᠮᠵᠢᠶᠠᠲᠤ U ᠬᠡᠯᠪᠡᠷᠢ ᠶᠢᠨ ᠬᠤᠩᠭᠢᠯ᠂ ᠶᠡᠭᠡ ᠡᠷᠭᠢᠯᠲᠡ ᠶᠢᠨ ᠵᠠᠮ ᠵᠡᠷᠭᠡ ᠤᠷᠤᠯᠳᠤᠭᠠᠨ ᠤ ᠵᠠᠮ ᠲᠠᠢ ᠪᠣᠯᠤᠭᠰᠠᠨ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠴᠠᠰᠤᠨ ᠳᠡᠭᠡᠷᠡᠬᠢ ᠤᠷᠤᠯᠳᠤᠭᠠᠨ ᠤ ᠲᠥᠷᠥᠯ ᠵᠦᠢᠯ᠂ ᠪᠥᠬᠦ ᠤᠯᠤᠰ ᠤᠨ ᠬᠤᠶᠠᠳᠤᠭᠠᠷ ᠬᠤᠭᠤᠴᠠᠭᠠᠨ ᠤ ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠥᠨᠳᠥᠷ ᠠᠭᠤᠯᠠ ᠶᠢᠨ ᠴᠠᠰᠤᠨ ᠳᠤ ᠭᠤᠯᠭᠤᠬᠤ ᠤᠷᠤᠯᠳᠤᠭᠠᠨ᠂ 2020 ︱2021 ᠤᠷᠤᠯᠳᠤᠭᠠᠨ ᠤ ᠤᠯᠠᠷᠢᠯ ᠤᠨ ᠪᠥᠬᠦ ᠤᠯᠤᠰ ᠤᠨ ᠡᠪᠦᠯ ᠤᠨ ᠤᠯᠠᠷᠢᠯ ᠤᠨ ᠬᠤᠶᠠᠷ ᠵᠦᠢᠯ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠬᠡ ᠮᠦᠰᠦ ᠴᠠᠰᠤᠨ ᠤ ᠤᠷᠤᠯᠳᠤᠭᠠᠨ ᠢ ᠳᠠᠭᠠᠭᠠᠴᠢᠯᠡᠨ ᠡᠷᠬᠢᠯᠡᠵᠤ ᠦᠩᠭᠡᠷᠡᠪᠡ᠃ ᠳᠠᠭ᠎ᠠ ᠶᠢᠨ ᠨᠠᠭᠤᠷ ᠤᠨ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠨᠢ ᠤᠷᠤᠯᠳᠤᠭᠠᠨ ᠳᠤ ᠣᠷᠤᠯᠴᠠᠬᠤ ᠲᠠᠮᠢᠷᠴᠢᠳ ᠲᠤ ᠲᠡᠷᠢᠭᠦᠨ ᠵᠡᠷᠭᠡ ᠶᠢᠨ ᠴᠠᠰᠤᠨ ᠳᠤ ᠭᠤᠯᠭᠤᠬᠤ ᠲᠠᠯᠠᠪᠤᠷ ᠤᠨ ᠨᠥᠬᠦᠴᠡᠯ᠂ ᠲᠡᠷᠢᠭᠦᠨ ᠵᠡᠷᠭᠡ ᠶᠢᠨ ᠭᠥᠯᠢᠶᠡᠨ ᠠᠪᠬᠤ ᠲᠦᠪᠰᠢᠨ᠂ ᠲᠡᠷᠢᠭᠦᠨ ᠵᠡᠷᠭᠡ ᠶᠢᠨ ᠤᠷᠤᠯᠳᠤᠭᠠᠨ ᠤ ᠣᠷᠴᠢᠨ ᠲᠣᠭᠤᠷᠢᠨ ᠢ ᠪᠤᠢ ᠪᠣᠯᠭᠠᠬᠤ ᠪᠠᠷ ᠴᠢᠷᠮᠠᠶᠢᠵᠤ᠂ ᠨᠢᠭᠡ ᠬᠤᠭᠤᠴᠠᠭᠠᠨ ᠤ ᠥᠪᠡᠷᠮᠢᠴᠡ ᠣᠨᠴᠠᠯᠢᠭ ᠲᠠᠢ᠂ ᠥᠨᠳᠥᠷ ᠲᠦᠪᠰᠢᠨ ᠲᠠᠢ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠢ ᠡᠷᠬᠢᠯᠡᠬᠦ ᠪᠠᠷ ᠴᠢᠷᠮᠠᠶᠢᠵᠤ ᠪᠠᠶᠢᠨ᠎ᠠ᠃                           ᠤᠷᠴᠢᠭᠤᠯᠤᠭᠴᠢ᠄ ᠬᠦᠰᠡᠯ                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2