ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/13
    2 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠢ ᠰᠣᠨᠣᠰᠴᠤ᠂ ︽ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠲᠥᠰᠥᠯ︾ ︽ᠤᠯᠠᠭᠠᠨᠴᠠᠪ ᠬᠤᠲᠠ ᠶᠢᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢᠨ ᠬᠠᠩᠭᠠᠯᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠤᠬᠠᠢ ᠬᠡᠷᠡᠭᠵᠢᠭᠦᠯᠬᠦ ᠠᠷᠭ᠎ᠠ︾ ︽2022 ᠣᠨ ᠤ ᠪᠥᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠲᠤᠬᠠᠢ ᠲᠣᠭᠲᠠᠭᠠᠯ︾ ᠢ ᠬᠢᠨᠠᠨ ᠶᠠᠷᠢᠯᠴᠠᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠰᠢᠨ᠎ᠡ ᠴᠠᠭ ᠦᠶ᠎ᠡ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠪᠣᠯ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢᠨ ᠭᠤᠣᠯᠳᠠᠯᠭ᠎ᠠ ᠲᠠᠢ ᠡᠭᠦᠷᠭᠡ ᠪᠠ ᠭᠤᠣᠯ ᠴᠣᠭᠴᠠ ᠶᠢᠨ ᠢᠨᠵᠧᠨᠧᠷᠢᠩ ᠪᠣᠯᠣᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠬᠠᠤᠯᠢᠵᠢᠯ ᠤᠨ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠨ᠎ᠡ ᠬᠠᠩᠰᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠵᠤ᠂ ᠦᠢᠯᠡᠳᠪᠦᠷᠢᠯᠡᠭᠴᠢᠳ᠂ ᠡᠵᠡᠩᠨᠡᠭᠴᠢᠳ ᠪᠣᠯᠣᠨ ᠬᠡᠷᠡᠭᠯᠡᠭᠴᠢᠳ ᠤᠨ ᠠᠰᠢᠭ ᠲᠤᠰᠠ ᠶᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠢ᠃ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢᠨ ᠭᠠᠵᠠᠷ ᠬᠠᠩᠭᠠᠬᠤ ᠦᠢᠯᠡᠴᠢᠯᠡᠭᠡᠨ ᠤ ᠦᠷ᠎ᠡ ᠪᠦᠲᠦᠮᠵᠢ ᠪᠠ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ᠂ ᠭᠠᠵᠠᠷ ᠰᠢᠷᠣᠢ ᠶᠢᠨ ᠡᠬᠢ ᠪᠠᠶᠠᠯᠢᠭ ᠤᠨ ᠤᠷᠲᠤ ᠬᠤᠭᠤᠴᠠᠭᠠᠨ ᠤ ᠪᠦᠲᠦᠮᠵᠢᠲᠡᠢ ᠠᠰᠢᠭᠯᠠᠯᠲᠠ ᠶᠢ ᠲᠠᠰᠤᠷᠠᠯᠲᠠ ᠦᠭᠡᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠃ ᠪᠥᠬᠦ ᠬᠤᠲᠠ ᠶᠢᠨ ᠰᠤᠷᠭᠠᠨ ᠬᠥᠮᠦᠵᠢᠯ ᠤᠨ ᠬᠥᠬᠢᠭᠦᠯᠦᠨ ᠰᠠᠶᠢᠰᠢᠶᠠᠬᠤ ᠠᠵᠢᠯ ᠢ ᠰᠠᠶᠢᠲᠤᠷ ᠬᠢᠵᠦ᠂ ᠰᠢᠯᠢᠳᠡᠭ ᠪᠠᠭᠰᠢ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠣᠯᠠᠨ ᠠᠷᠭ᠎ᠠ ᠵᠠᠮ᠂ ᠣᠯᠠᠨ ᠬᠡᠯᠪᠡᠷᠢ ᠪᠠᠷ ᠤᠬᠠᠭᠤᠯᠵᠤ᠂ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠨ ᠤ ᠢᠷᠠᠭᠤ ᠠᠯᠳᠠᠷᠲᠤ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃                                                                                        ᠣᠷᠴᠢᠭᠤᠯᠤᠭᠴᠢ᠄ ᠭᠤᠸ᠎ᠠ                                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2