ᠥᠪᠥᠷ ᠮᠣᠩᠭᠤᠯ ᠠᠩᠬᠠᠳᠠᠭᠴᠢ ᠲᠠᠷᠢᠶᠠᠯᠠᠩ ᠤᠨ ᠪᠦᠲᠦᠭᠡᠭᠳᠡᠬᠦᠨ ᠢ ︽ᠲᠡᠮᠦᠷ ᠵᠠᠮ ᠢᠶᠠᠷ ᠲᠦᠷᠭᠡᠨ ᠨᠡᠪᠲᠡᠷᠡᠭᠦᠯᠬᠦ︾ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠨᠡᠪᠲᠡᠷᠡᠭᠦᠯᠪᠡ
ᠨᠡᠶᠢᠲᠡᠯᠡᠭᠰᠡᠨ ᠴᠠᠭ᠄
2023/2/15
  2 ᠳ᠋ᠤᠭᠠᠷ ᠰᠠᠷ᠎ᠠ ᠶᠢᠨ 7 ᠤ ᠡᠳᠦᠷ᠂ ᠬᠥᠬᠡᠬᠤᠲᠠ ᠶᠢᠨ ᠪᠣᠭᠤᠮᠲᠠ ᠶᠢᠨ ᠬᠠᠷᠢᠶ᠎ᠠ ᠵᠢᠨᠢᠩ ᠪᠣᠭᠤᠮᠲᠠ ᠶᠢᠨ  ᠬᠢᠨᠠᠯᠲᠠ ᠬᠠᠮᠢᠶᠠᠷᠤᠯᠲᠠ ᠳᠣᠣᠷ᠎ᠠ᠂ ᠥᠪᠥᠷ ᠮᠣᠩᠭᠤᠯ ᠤᠨ ᠠᠩᠬᠠᠳᠠᠭᠴᠢ ᠲᠠᠷᠢᠶᠠᠯᠠᠩ ᠤᠨ ᠪᠦᠲᠦᠭᠡᠭᠳᠡᠬᠦᠨ ᠢ ︽ᠲᠡᠮᠦᠷ ᠵᠠᠮ ᠢᠶᠠᠷ ᠲᠦᠷᠭᠡᠨ ᠨᠡᠪᠲᠡᠷᠡᠭᠦᠯᠬᠦ︾ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠤᠯᠠᠭᠠᠨᠴᠠᠪ  ᠬᠤᠲᠠ ᠶᠢᠨ ᠳᠣᠯᠣᠳᠤᠭᠠᠷ ᠰᠤᠮᠤᠨ ᠤ ᠲᠡᠮᠦᠷ ᠵᠠᠮ ᠤᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠠᠴᠠ ᠮᠣᠷᠳᠠᠪᠠ᠃ ᠲᠤᠰ ᠵᠢᠰᠢᠶᠠᠨ ᠤ ᠭᠠᠯᠲᠤ ᠲᠡᠷᠭᠡ ᠨᠡᠶᠢᠳᠡ 55 ᠪᠠᠷᠢᠮᠵᠢᠶᠠᠲᠤ ᠬᠠᠶᠢᠷᠴᠠᠭ ᠠᠴᠢᠶᠠᠯᠠᠵᠤ᠂ ᠥᠪᠥᠷ ᠮᠣᠩᠭᠤᠯ ᠤᠨ ᠲᠤᠰ ᠭᠠᠵᠠᠷ ᠠᠴᠠ ᠢᠷᠡᠭᠰᠡᠨ ᠨᠡᠷᠡᠨ ᠬᠤᠸᠠᠷ ᠤᠨ ᠦᠷ᠎ᠡ ᠶᠢ ᠳᠦᠭᠦᠷᠲᠡᠯ᠎ᠡ  ᠠᠴᠢᠶᠠᠯᠠᠵᠤ᠂ ᠥᠪᠥᠷ ᠮᠣᠩᠭᠤᠯ ᠤᠨ ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠲᠠ ᠪᠠᠷ ᠬᠢᠯᠢ ᠠᠴᠠ ᠭᠠᠷᠴᠤ᠂ ᠤᠷᠤᠰ ᠤᠨ ᠶᠥ᠋ᠺᠠᠵᠢᠶ᠋ᠥᠷᠢᠨᠪᠦᠶᠢᠷᠡᠭ ᠤᠨ ᠺᠤᠯᠥᠼᠤᠸᠣ᠋ ᠦᠷᠳᠡᠭᠡ ᠳᠤ ᠬᠦᠷᠬᠦ ᠪᠣᠯᠣᠨ᠎ᠠ᠂ ᠡᠨᠡ ᠪᠣᠯ ᠤᠯᠠᠭᠠᠨᠴᠠᠪ ᠨᠡᠷᠡᠮᠵᠢᠲᠦ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠠᠩᠬ᠎ᠠ ᠤᠳᠠᠭ᠎ᠠ ︽ᠲᠡᠮᠦᠷ ᠵᠠᠮ ᠢᠶᠠᠷ  ᠲᠦᠷᠭᠡᠨ ᠨᠡᠪᠲᠡᠷᠡᠭᠦᠯᠬᠦ︾ ᠵᠠᠭᠪᠤᠷ ᠢᠶᠠᠷ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠵᠤ ᠪᠠᠶᠢᠭ᠎ᠠ ᠶᠠᠪᠤᠳᠠᠯ ᠪᠣᠯᠣᠨ᠎ᠠ᠃     ︽ᠲᠡᠮᠦᠷ ᠵᠠᠮ ᠢᠶᠠᠷ ᠲᠦᠷᠭᠡᠨ ᠨᠡᠪᠲᠡᠷᠡᠭᠦᠯᠬᠦ︾ ᠵᠠᠭᠪᠤᠷ ᠤᠨ ᠳᠣᠣᠷ᠎ᠠ᠂ ᠪᠣᠭᠤᠮᠲᠠ ᠨᠢ ᠲᠡᠮᠦᠷ ᠵᠠᠮ ᠤᠨ ᠥᠷᠥᠭᠡᠨ ᠤ ᠬᠠᠭᠤᠳᠠᠰᠤ ᠶᠢᠨ ᠡᠯᠧᠺᠲᠷᠣᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠶᠠᠪᠤᠭᠤᠯᠬᠤ᠂ ᠬᠠᠷᠭᠤᠭᠤᠯᠤᠨ‌‍ᠲ᠋ᠠᠩᠰᠠᠨ ᠠᠴᠠ ᠭᠠᠷᠭᠠᠬᠤ ᠪᠠᠷ ᠳᠠᠮᠵᠢᠭᠤᠯᠤᠨ᠂ ᠲᠡᠮᠦᠷ ᠵᠠᠮ ᠤᠨ ᠭᠠᠯᠲᠤ ᠲᠡᠷᠭᠡᠨ ᠳᠤ  ᠠᠴᠢᠶᠠᠯᠠᠭᠰᠠᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ ᠪᠣᠭᠤᠮᠲᠠ ᠰᠢᠯᠵᠢᠭᠦᠯᠦᠨ ᠲᠡᠭᠡᠭᠡᠪᠦᠷᠢᠯᠡᠬᠦ ᠶᠢ ᠬᠢᠨᠠᠨ ᠬᠠᠮᠢᠶᠠᠷᠬᠤ ᠶᠢ ᠪᠡᠶᠡᠯᠡᠭᠦᠯᠵᠦ᠂ ᠡᠵᠡᠩᠨᠡᠯᠲᠡ ᠶᠢᠨ ᠠᠵᠤ ᠠᠬᠤᠶᠢᠯᠠᠯ ᠨᠢ ᠠᠰᠲᠠᠭᠠᠨ ᠮᠡᠳᠡᠭᠦᠯᠬᠦ ᠴᠢᠬᠤᠯᠠ ᠦᠭᠡᠢ ᠪᠥᠭᠡᠳ ᠪᠣᠭᠤᠮᠲᠠ ᠰᠢᠯᠵᠢᠭᠦᠯᠬᠦ ᠭᠠᠷᠳᠠᠮ ᠢ ᠭᠦᠢᠴᠡᠳᠬᠡᠬᠦ ᠴᠢᠬᠤᠯᠠ ᠦᠭᠡᠢ᠃ ︽ ᠲᠡᠮᠦᠷ ᠵᠠᠮ ᠢᠶᠠᠷ ᠲᠦᠷᠭᠡᠨ ᠨᠡᠪᠲᠡᠷᠡᠭᠦᠯᠬᠦ︾ ᠵᠠᠭᠪᠤᠷ ᠢᠶᠠᠷ ᠪᠣᠭᠤᠮᠲᠠ ᠪᠠᠷ ᠥᠩᠭᠡᠷᠡᠪᠡᠯ᠂ ᠪᠣᠭᠤᠮᠲᠠ ᠪᠠᠷ ᠥᠩᠭᠡᠷᠡᠬᠦ ᠴᠠᠭ ᠢ 24 ᠴᠠᠭ ᠢᠶᠠᠷ ᠠᠷᠪᠢᠯᠠᠵᠤ᠂ ᠪᠦᠬᠦᠯᠢ ᠴᠣᠭᠴᠠ ᠶᠢᠨ ᠠᠶᠠᠯᠠᠯ ᠤᠨ ᠴᠠᠭ ᠢ 1-2 ᠡᠳᠦᠷ ᠪᠣᠭᠤᠨᠢᠰᠬᠠᠵᠤ᠂ ᠲᠠᠩ ᠬᠠᠶᠢᠷᠴᠠᠭ ᠤᠨ ᠵᠠᠷᠤᠳᠠᠯ ᠢ ᠪᠠᠰᠠ 200 ᠲᠥᠭᠦᠷᠢᠭ ᠠᠴᠠ ᠳᠡᠭᠡᠭᠰᠢ ᠠᠷᠪᠢᠯᠠᠵᠤ ᠪᠣᠯᠣᠨ᠎ᠠ᠃     ᠣᠶᠢᠯᠠᠭᠠᠭᠰᠠᠨ ᠢᠶᠠᠷ᠂ 2022 ᠣᠨ ᠳᠤ᠂ ᠤᠯᠠᠭᠠᠨᠴᠠᠪ ᠬᠤᠲᠠ ᠳᠤᠮᠳᠠᠳᠤ ᠡᠸᠦ᠋ᠷᠦᠫᠡ ᠶᠢᠨ ᠵᠢᠰᠢᠶᠠᠨ ᠤ  ᠭᠠᠯᠲᠤ ᠲᠡᠷᠭᠡ ᠪᠠᠷ 2 ᠲᠦᠮᠡ ᠭᠠᠷᠤᠢ ᠲᠣᠨ ᠨᠡᠷᠡᠨ ᠬᠤᠸᠠᠷ ᠤᠨ ᠦᠷ᠎ᠡ ᠭᠠᠷᠭᠠᠵᠤ᠂ ᠠᠳᠠᠯᠢ ᠬᠤᠭᠤᠴᠠᠭᠠᠨ ᠤ  ᠬᠢ ᠠᠴᠠ 27.9% ᠪᠠᠷ ᠨᠡᠮᠡᠭᠳᠡᠨ᠂ ᠮᠠᠨ ᠤ ᠤᠯᠤᠰ ᠤᠨ ᠨᠡᠷᠡᠨ ᠬᠤᠸᠠᠷ ᠤᠨ ᠦᠷ᠎ᠡ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠴᠢᠬᠤᠯᠠ ᠵᠠᠮ ᠪᠣᠯᠤᠭᠰᠠᠨ ᠪᠠᠶᠢᠨ᠎ᠠ᠃                                                                                      ᠣᠷᠴᠢᠭᠤᠯᠤᠭᠴᠢ᠄ ᠭᠤᠸ᠎ᠠ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2