ᠳᠥᠷᠪᠡᠳ ᠬᠤᠰᠢᠭᠤᠨ ᠤ ᠲᠠᠯ᠎ᠠ ᠨᠤᠲᠤᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠴᠤ ᠨᠡᠭᠡᠭᠡᠨ ᠬᠥᠭᠵᠢᠭᠦᠯᠬᠦ ᠲᠥᠷᠥᠯ ᠵᠦᠶᠯ ᠢ ᠶᠡᠭᠡ ᠪᠠᠷ ᠬᠥᠭᠵᠢᠭᠦᠯᠦᠨ᠎ᠡ
ᠨᠡᠶᠢᠲᠡᠯᠡᠭᠰᠡᠨ ᠴᠠᠭ᠄
2023/2/16
    ᠳᠥᠷᠪᠡᠳ ᠬᠤᠰᠢᠭᠤᠨ ᠤ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠴᠤ ᠨᠡᠭᠡᠭᠡᠨ ᠬᠥᠭᠵᠢᠭᠦᠯᠬᠦ ᠲᠥᠷᠥᠯ ᠵᠦᠶᠯ ᠨᠢ ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠵᠤ ᠪᠠᠯᠠ ᠣᠷᠣᠭᠤᠯᠬᠤ ᠪᠠᠷ ᠳᠠᠮᠵᠢᠭᠤᠯᠤᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯᠲᠡᠨ ᠤ ᠪᠦᠯᠬᠦᠮ ᠢ ᠤᠷᠢᠵᠤ᠂ ᠳᠠᠭᠠᠭᠤᠯᠢ ᠣᠳᠣᠨ ᠤ ᠠᠯᠤᠰ ᠰᠡᠷᠡᠯ᠂ 5G᠂ ᠲᠣᠮᠣ ᠳ᠋ᠠᠶᠢᠲ᠋ᠠ ᠵᠡᠷᠭᠡ ᠳᠡᠭᠡᠳᠦ ᠰᠢᠨ᠎ᠡ ᠮᠡᠷᠭᠡᠵᠢᠯ ᠲᠠᠢ ᠤᠶᠠᠯᠳᠤᠭᠤᠯᠤᠨ᠂ ᠨᠤᠲᠤᠭ ᠪᠡᠯᠴᠢᠭᠡᠷ ᠢ ᠵᠠᠰᠠᠨ ᠰᠡᠷᠭᠦᠭᠡᠭᠰᠡᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠬᠤ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠥᠬᠦ ᠲᠠᠯ᠎ᠠ ᠪᠠᠷ ᠦᠨᠡᠯᠡᠨ ᠵᠢᠱᠢᠵᠦ᠂ ᠡᠷᠬᠡ ᠰᠦᠷᠲᠦ ᠪᠠᠶᠢᠭᠤᠯᠤᠮᠵᠢ ᠶᠢᠨ ᠭᠡᠷᠡᠴᠢᠯᠡᠯ ᠳᠡᠩᠰᠡᠯᠡᠯᠲᠡ ᠪᠠᠷ ᠳᠠᠮᠵᠢᠭᠤᠯᠤᠨ᠂ ᠠᠮᠢ ᠠᠬᠤᠶ ᠶᠢᠨ ᠥᠷᠲᠡᠭ ᠢ ᠠᠵᠤ ᠠᠬᠤᠶ ᠶᠢᠨ ᠥᠷᠲᠡᠭ ᠪᠣᠯᠭᠠᠨ᠎ᠠ᠃ ᠣᠳᠣᠬᠠᠨ ᠳᠤ ᠲᠥᠷᠥᠯ ᠵᠦᠶᠯ ᠤᠨ ᠶᠡᠷᠦᠩᠬᠡᠶ ᠦᠨᠡᠯᠡᠨ ᠵᠢᠱᠢᠯᠲᠡ᠂ ᠥᠯᠢᠭᠡᠷ ᠠᠪᠴᠤ ᠵᠠᠳᠠᠯᠤᠯᠲᠠ ᠬᠢᠬᠦ᠂ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠵᠢᠯ ᠢ ᠨᠢᠭᠡᠨᠲᠡ ᠪᠡᠶᠡᠯᠡᠭᠦᠯᠵᠦ᠂ ᠮᠡᠳᠡᠭᠦᠯᠦᠨ ᠵᠥᠪᠰᠢᠶᠡᠷᠡᠭᠦᠯᠵᠦ ᠪᠠᠲᠤᠯᠠᠭᠤᠯᠤᠭᠰᠠᠨ ᠤ ᠳᠠᠷᠠᠭ᠎ᠠ ᠵᠢᠱᠢᠯᠲᠡ ᠪᠠᠷ ᠵᠢᠯ ᠤᠨ ᠳᠣᠲᠣᠷ᠎ᠠ ᠳᠡᠪᠰᠢᠭᠦᠯᠦᠨ ᠬᠢᠨᠠᠨ ᠲᠣᠭᠲᠠᠭᠠᠯᠭᠠᠵᠤ ᠪᠣᠯᠤᠨ᠎ᠠ᠂ ᠡᠨᠡ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠳᠠᠩᠰᠠᠯᠠᠭᠰᠠᠨ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠴᠤ ᠨᠡᠭᠡᠭᠡᠨ ᠬᠥᠭᠵᠢᠭᠦᠯᠬᠦ ᠲᠥᠷᠥᠯ ᠵᠦᠶᠯ ᠪᠣᠯᠵᠣ᠂ ᠵᠢᠱᠢᠶ᠎ᠡ ᠦᠵᠡᠭᠦᠯᠬᠦ ᠴᠢᠨᠠᠷᠲᠠᠶ ᠦᠶᠯᠡᠳᠦᠯ ᠲᠠᠢ ᠪᠤᠯᠤᠨ᠎ᠡ᠃ ᠲᠣᠭᠠᠴᠠᠭ᠎ᠠ ᠬᠢᠬᠦ ᠪᠠᠷ ᠳᠡᠮᠵᠢᠨ᠂ ᠳᠥᠷᠪᠡᠳ ᠬᠤᠰᠢᠭᠤᠨ ᠤ ᠨᠡᠭᠡᠭᠡᠨ ᠠᠰᠢᠭᠯᠠᠵᠤ ᠪᠣᠯᠬᠤ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠬᠤ ᠥᠷᠲᠡᠭ ᠨᠢ ᠵᠢᠯ ᠪᠦᠷᠢ 70 — 80 ᠲᠦᠮᠡᠨ ᠲᠣᠨ ᠪᠠᠶᠢᠵᠤ᠂ ᠲᠤᠬᠠᠶ ᠶᠢᠨ ᠭᠠᠵᠠᠷ ᠲᠤ ᠵᠢᠯ ᠪᠦᠷᠢ 1 ᠳ᠋ᠦᠩᠰᠢᠭᠤᠷ ᠰᠢᠬᠠᠮ ᠲᠥᠭᠦᠷᠢᠭ ᠤᠨ ᠦᠶᠯᠡᠳᠬᠦᠨ ᠤ ᠥᠷᠲᠡᠭ ᠢ ᠨᠡᠮᠡᠭᠳᠡᠭᠦᠯᠵᠦ ᠪᠣᠯᠤᠨ᠎ᠠ᠃                           ᠤᠷᠴᠢᠭᠤᠯᠤᠭᠴᠢ᠄ ᠬᠦᠰᠡᠯ                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2