ᠱᠠᠩᠳᠤ ᠰᠢᠶᠠᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ ᠠᠵᠢᠯ ᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/16
    2 ᠳ᠋ᠤᠭᠠᠷ ᠰᠠᠷ᠎ᠠ ᠶᠢᠨ 14 ᠤ ᠡᠳᠦᠷ᠂ ᠱᠠᠩᠳᠤ ᠰᠢᠶᠠᠨ ᠤ ᠨᠠᠮ ᠤᠨ ᠬᠤᠷᠢᠶ᠎ᠠ ᠶᠢᠨ ᠱᠦᠵᠢ ᠭᠤᠤ ᠶᠦᠩ ᠪᠢᠨ ᠪᠥᠬᠦ ᠰᠢᠶᠠᠨ ᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠠᠵᠢᠯ ᠤᠨ ᠲᠣᠭᠤᠷᠢᠨ ᠳᠤ ᠥᠷᠨᠢᠭᠦᠯᠦᠭᠰᠡᠨ ᠪᠠᠶᠢᠳᠠᠯ ᠢ ᠤᠯᠠᠮᠵᠢᠯᠠᠵᠤ᠂ ᠱᠠᠩᠳᠤ ᠰᠢᠶᠠᠨ ᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠥᠷᠨᠢᠭᠦᠯᠬᠦ ᠴᠢᠬᠤᠯᠠᠲᠠᠶ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ ᠱᠠᠩᠳᠤ ᠰᠢᠶᠠᠨ ᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠠᠪᠤᠨ ᠶᠡᠭᠡ ᠡᠭᠦᠷᠭᠡ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠤᠳᠤᠷᠢᠳᠬᠤ ᠳᠤᠭᠤᠶᠢᠯᠠᠩ ᠨᠢ ᠰᠢᠶᠠᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠪᠥᠬᠦ ᠰᠢᠶᠠᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢᠨ ᠪᠥᠲᠥᠭᠡᠨ ᠪᠠᠶᠢᠭᠤᠯᠤᠯᠲᠠ ᠶᠢᠨ ᠲᠠᠪᠤᠨ ᠶᠡᠭᠡ ᠡᠭᠦᠷᠭᠡ ᠶᠢᠨ ᠡᠯ᠎ᠡ ᠵᠦᠶᠯ ᠤᠨ ᠠᠵᠢᠯ ᠢ ᠲᠦᠷᠭᠡᠪᠴᠢᠯᠡᠨ ᠨᠠᠶᠢᠳᠠᠪᠤᠷᠢᠵᠢᠭᠤᠯᠬᠤ ᠶᠢ ᠨᠢᠭᠡᠳᠦᠯᠲᠡᠶ ᠲᠥᠯᠥᠪᠯᠡᠵᠦ᠂ ᠡᠯ᠎ᠡ ᠲᠥᠷᠥᠯ ᠤᠨ ᠡᠬᠢ ᠪᠠᠶᠠᠯᠢᠭ ᠪᠠ ᠬᠦᠴᠦᠨ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠬᠤᠯᠪᠣᠭᠳᠠᠯ ᠪᠥᠬᠦᠶ ᠴᠢᠬᠤᠯᠠ ᠶᠡᠭᠡ ᠵᠦᠶᠯᠡᠰ ᠢ ᠰᠤᠳᠤᠯᠤᠨ᠂ ᠠᠬᠢᠭᠤᠯᠬᠤ ᠠᠵᠢᠯ ᠤᠨ ᠳᠤᠮᠳᠠ ᠲᠤᠯᠭᠠᠷᠠᠭᠰᠠᠨ ᠲᠣᠪᠤᠶᠢᠮ᠎ᠠ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠵᠦ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠨᠢᠭᠡᠴᠡ ᠶᠢ ᠱᠠᠯᠠᠪᠳᠠᠭᠤᠯᠤᠨ ᠵᠢᠯᠣᠭᠤᠳᠴᠤ ᠪᠠᠶᠢᠭᠠᠳ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠭᠦᠯᠵᠦ᠂ ᠰᠠᠶᠢᠲᠤᠷ ᠭᠦᠶᠴᠡᠳᠬᠡᠭᠦᠯᠦᠨ᠎ᠡ᠃ ᠡᠯ᠎ᠡ ᠲᠤᠰᠬᠠᠶ ᠵᠦᠶᠯ ᠤᠨ ᠳᠤᠭᠤᠶᠢᠯᠠᠩ ᠤᠨ ᠪᠦᠷᠢᠯᠳᠦᠬᠦᠨ ᠵᠢᠴᠢ ᠪᠦᠷᠢᠯᠳᠦᠬᠦᠨ ᠨᠢᠭᠡᠴᠡ ᠨᠦᠭᠦᠳ ᠳᠤᠭᠤᠶᠢᠯᠠᠩ ᠤᠨ ᠳᠠᠷᠤᠭ᠎ᠠ ᠶᠢᠨ ᠵᠣᠬᠢᠶᠠᠨ ᠪᠠᠶᠢᠭᠤᠯᠤᠨ ᠵᠣᠬᠢᠴᠠᠭᠤᠯᠤᠭᠰᠠᠨ ᠪᠠᠶᠢᠳᠠᠯ ᠳᠣᠤᠷ᠎ᠠ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠲᠣᠰ ᠲᠣᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠲᠠᠪᠤᠨ ᠶᠡᠭᠡ ᠡᠭᠦᠷᠭᠡ ᠶᠢ ᠳᠡᠮᠵᠢᠨ ᠬᠠᠮᠵᠢᠯᠴᠠᠵᠤ ᠪᠠᠶᠢᠭᠠᠳ ᠪᠣᠳᠠᠲᠠᠶ ᠳᠤ ᠨᠠᠶᠢᠳᠠᠪᠤᠷᠢᠵᠢᠭᠤᠯᠤᠨ ᠪᠣᠳᠠᠲᠠᠶ ᠪᠠᠷ ᠨᠠᠶᠢᠳᠠᠪᠤᠷᠢᠵᠢᠭᠤᠯᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃                         ᠤᠷᠴᠢᠭᠤᠯᠤᠭᠴᠢ᠄ ᠬᠦᠰᠡᠯ                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2