ᠨᠢᠭᠡ᠂ ᠨᠡᠶᠢᠲᠡᠯᠡᠭᠰᠡᠨ ᠠᠬᠤᠢ ᠪᠠᠶᠢᠳᠠᠯ | ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠠᠴᠠ ᠭᠠᠷᠭᠠᠭᠰᠠᠨ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠂ | 2018 ᠣᠨ ᠠᠴᠠ ᠨᠠᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠲᠥᠪ ᠤᠨ ᠰᠢᠢᠳᠪᠦᠷᠢᠲᠦ ᠪᠣᠳᠣᠯᠭ᠎ᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠰᠦᠨ ᠤ | ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠰᠠᠨᠠᠯ︾ ᠵᠡᠷᠭᠡ ᠰᠢᠷᠢᠰ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠠᠵᠤ ᠦᠢᠯᠡᠰ ᠤᠨ ᠳᠡᠮᠵᠢᠯᠭᠡ ᠶᠢᠨ | ᠡᠷᠴᠢᠮ ᠢ ᠦᠷᠭᠦᠯᠵᠢᠯᠡᠨ ᠴᠢᠩᠭᠠᠷᠠᠭᠤᠯᠤᠨ᠂ ᠰᠦᠨ ᠤ ᠦᠢᠯᠡᠰ ᠤᠨ ᠬᠥᠭᠵᠢᠯᠲᠡ ᠪᠥᠬᠦ ᠤᠯᠤᠰ ᠤᠨ ᠲᠡᠷᠢᠭᠦᠨ ᠤ | ᠪᠠᠶᠢᠷᠢᠨ ᠳᠤ ᠣᠷᠣᠪᠠ᠂ ᠭᠡᠪᠡᠴᠦ ᠮᠠᠨ ᠤ ᠣᠷᠣᠨ ᠤ ᠰᠦᠨ ᠤ ᠦᠢᠯᠡᠰ ᠤᠨ ᠲᠦᠷᠭᠡᠨ ᠬᠥᠭᠵᠢᠯᠲᠡ ᠶᠢ ᠳᠠᠭᠠᠯᠳᠤᠨ᠂ | ᠤᠤᠯ ᠤᠨ ᠪᠠᠶᠢᠭᠰᠠᠨ ᠲᠥᠷᠥ ᠶᠢᠨ ᠪᠣᠳᠣᠯᠭ᠎ᠠ ᠨᠢ ᠨᠢᠭᠡᠨᠲᠡ ᠰᠢᠨ᠎ᠡ ᠪᠠᠶᠢᠳᠠᠯ ᠤᠨ ᠬᠥᠭᠵᠢᠯᠲᠡ ᠶᠢᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠪᠣᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠶᠢᠰᠦᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠨᠡᠶᠢᠲᠡᠯᠡᠵᠦ᠂ ᠪᠥᠬᠦ ᠣᠷᠣᠨ ᠤ | ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ | ᠲᠤᠰᠠᠳᠠ᠂ ᠮᠠᠨ ᠤ ᠬᠤᠲᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ | ᠶᠢᠰᠦᠨ ᠵᠤᠷᠪᠤᠰ ᠠᠷᠭ᠎ᠠ ᠬᠡᠮᠵᠢᠶ᠎ᠡ ᠶᠢᠨ ᠰᠠᠭᠤᠷᠢᠨ ᠳᠡᠭᠡᠷ᠎ᠡ᠂ ︽ᠤᠯᠠᠭᠠᠨᠴᠠᠪ ᠬᠤᠲᠠ ᠶᠢᠨ ᠰᠦᠨ ᠤ ᠦᠢᠯᠡᠰ ᠢ | ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠥᠷᠥ ᠶᠢᠨ ᠪᠣᠳᠣᠯᠭ᠎ᠠ︾ ᠶᠢ ᠲᠣᠭᠲᠠᠭᠠᠵᠤ᠂ ᠮᠠᠨ ᠤ ᠬᠤᠲᠠ ᠶᠢᠨ | ᠰᠦᠨ ᠤ ᠦᠢᠯᠡᠰ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ | ᠬᠤᠶᠠᠷ᠂ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ | ᠥᠪᠡᠷᠲᠡᠭᠡᠨ ᠵᠠᠰᠠᠬᠤ ᠣᠷᠣᠨ ᠤ ︽ᠰᠦᠨ ᠤ ᠦᠢᠯᠡᠰ ᠤᠨ ᠶᠢᠰᠦᠨ ᠵᠤᠷᠪᠤᠰ︾ ᠤᠨ ᠲᠥᠷᠥ ᠶᠢᠨ | ᠪᠣᠳᠣᠯᠭ᠎ᠠ ᠶᠢᠨ ᠰᠠᠭᠤᠷᠢᠨ ᠳᠡᠭᠡᠷ᠎ᠡ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠡᠭᠦᠯᠳᠡᠷ ᠤᠨ | ᠢᠷᠡᠯᠲᠡ᠂ ᠦᠬᠡᠷ ᠤᠨ ᠢᠷᠡᠯᠲᠡ᠂ ᠰᠦᠨ ᠤ ᠢᠷᠡᠯᠲᠡ᠂ ᠡᠪᠡᠰᠦᠨ ᠤ ᠢᠷᠡᠯᠲᠡ᠂ ᠴᠠᠭᠠᠨ ᠢᠳᠡᠭᠡᠨ ᠤ ᠡᠳ᠋ᠰᠢᠭᠦᠯᠭᠡ | ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ᠂ ᠶᠠᠰᠤ ᠴᠢᠨᠠᠷ ᠤᠨ ᠠᠮᠤᠷ ᠲᠦᠪᠰᠢᠨ᠂ ᠠᠰᠢᠭ ᠲᠤᠰᠠ ᠶᠢᠨ | ᠬᠤᠯᠪᠣᠭᠠᠯᠠᠯ ᠪᠠ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠭᠤᠣᠯᠳᠠᠯᠭ᠎ᠠ ᠲᠠᠢ | ᠬᠦᠴᠦᠯᠡᠨ᠎ᠡ᠄ ᠨᠢᠭᠡ ᠳᠤ ᠴᠢᠨᠠᠷ ᠰᠠᠶᠢᠲᠠᠢ ᠢᠴᠡᠭᠡᠯ ᠬᠢᠵᠠᠭᠠᠷᠯᠠᠬᠤ ᠦᠷ᠎ᠡ ᠶᠢ ᠬᠡᠷᠡᠭᠯᠡᠭᠰᠡᠨ ᠮᠠᠯᠵᠢᠯ ᠤᠨ ᠲᠠᠯᠠᠪᠠᠶ ᠳᠤ | ᠨᠥᠬᠦᠪᠦᠷᠢ ᠥᠭᠭᠦᠨ᠎ᠡ︔ ᠬᠤᠶᠠᠷ ᠲᠤ ᠵᠢᠭᠡᠯᠡᠯᠭᠡ ᠪᠠᠷ ᠰᠠᠭᠠᠯᠢ ᠶᠢᠨ ᠦᠨᠢᠶ᠎ᠡ ᠬᠤᠳᠠᠯᠳᠤᠨ ᠠᠪᠤᠭᠰᠠᠨ ᠲᠡᠵᠢᠭᠡᠨ | ᠦᠷᠡᠵᠢᠭᠦᠯᠬᠦ ᠲᠠᠯᠠᠪᠠᠢ ︵ᠡᠷᠦᠬᠡ︶ ᠳᠤ ᠳᠠᠮ ᠬᠦᠦ ᠥᠭᠭᠦᠨ᠎ᠡ︔ ᠭᠤᠷᠪᠠ ᠳᠤ ᠡᠪᠡᠰᠦ ᠪᠣᠷᠳᠣᠭᠠᠨ ᠤ ᠠᠵᠤ | ᠦᠢᠯᠡᠰ ᠤᠨ ᠬᠥᠭᠵᠢᠯᠲᠡ ᠶᠢ ᠵᠣᠷᠢᠭᠵᠢᠭᠤᠯᠤᠨ ᠲᠡᠳᠬᠦᠨ᠎ᠡ︔ ᠳᠥᠷᠪᠡ ᠳᠤ ᠣᠷᠣᠨ ᠨᠤᠲᠤᠭ ᠤᠨ ᠣᠨᠴᠠᠯᠢᠭ ᠲᠠᠢ | ᠴᠠᠭᠠᠨ ᠢᠳᠡᠭᠡᠨ ᠤ ᠠᠵᠤ ᠠᠬᠤᠶᠢᠯᠠᠯ ᠤᠨ ᠲᠦᠭᠦᠬᠡᠢ ᠰᠦ ᠡᠳ᠋ᠰᠢᠭᠦᠯᠬᠦ ᠶᠢ ᠳᠡᠮᠵᠢᠨ᠎ᠡ︔ ᠲᠠᠪᠤ ᠳᠤ ᠴᠠᠭᠠᠨ | ᠢᠳᠡᠭᠡᠨ ᠤ ᠠᠵᠤ ᠠᠬᠤᠶᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠤᠨ᠎ᠠ︔ | ᠵᠢᠷᠭᠤᠭ᠎ᠠ ᠳᠤ ᠰᠦᠨ ᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠪᠠᠶᠢᠭᠤᠯᠤᠯᠲᠠ ᠶᠢ | ᠴᠢᠩᠭᠠᠳᠬᠠᠨ᠎ᠠ︔ ᠲᠤᠯᠤᠭ᠎ᠠ ᠳᠤ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ | ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠎ᠠ︔ ᠨᠠᠢᠮᠠ ᠳᠤ ᠪᠦᠬᠦ ᠠᠵᠤ ᠦᠢᠯᠡᠰ ᠤᠨ ᠬᠡᠯᠬᠢᠶ᠎ᠡ ᠪᠠᠷ | ᠰᠦᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | | ᠭᠤᠷᠪᠠ᠂ ᠭᠤᠣᠯ ᠪᠣᠯᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ︵ᠨᠢᠭᠡ︶ ᠴᠢᠨᠠᠷ ᠰᠠᠶᠢᠲᠠᠢ ᠢᠴᠡᠭᠡᠯ ᠬᠢᠵᠠᠭᠠᠷᠯᠠᠬᠤ ᠦᠷ᠎ᠡ ᠬᠡᠷᠡᠭᠯᠡᠭᠰᠡᠨ ᠮᠠᠯᠵᠢᠯ ᠤᠨ ᠲᠠᠯᠠᠪᠠᠶ ᠳᠤ ᠨᠥᠬᠦᠪᠦᠷᠢ | ᠥᠭᠭᠦᠨ᠎ᠡ᠃ ᠥᠪᠡᠰᠦᠪᠡᠨ ᠦᠷᠡᠵᠢᠭᠦᠯᠵᠦ ᠥᠪᠡᠰᠦᠪᠡᠨ ᠪᠣᠶᠢᠵᠢᠭᠤᠯᠬᠤ᠂ ᠴᠢᠨᠠᠷ ᠰᠠᠶᠢᠲᠠᠢ ᠡᠬᠢ ᠪᠠᠶᠠᠯᠢᠭ ᠢ | ᠣᠷᠣᠭᠤᠯᠤᠨ ᠠᠪᠴᠢᠷᠠᠬᠤ᠂ ᠪᠡᠯᠭᠡ ᠶᠢᠨ ᠡᠵᠡᠮᠳᠡᠯ ᠤᠨ ᠮᠡᠷᠭᠡᠵᠢᠯ ᠵᠡᠷᠭᠡ ᠠᠷᠭ᠎ᠠ ᠬᠡᠮᠵᠢᠶ᠎ᠡ ᠠᠪᠬᠤ ᠪᠠᠷ | ᠳᠠᠮᠵᠢᠭᠤᠯᠤᠨ ᠴᠢᠨᠠᠷ ᠰᠠᠶᠢᠲᠠᠢ ᠰᠠᠭᠠᠯᠢ ᠶᠢᠨ ᠦᠨᠢᠶ᠎ᠡ ᠶᠢᠨ ᠲᠤᠭ᠎ᠠ ᠬᠡᠮᠵᠢᠶ᠎ᠡ ᠶᠢ ᠲᠦᠷᠭᠡᠳᠬᠡᠨ ᠨᠡᠮᠡᠭᠳᠡᠭᠦᠯᠵᠦ᠂ | ᠲᠠᠯᠠᠪᠠᠶ ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠂ ᠴᠢᠨᠠᠷ ᠰᠠᠶᠢᠲᠠᠢ | ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ ᠤᠨ ᠬᠡᠪᠴᠢᠶᠡᠵᠢᠭᠰᠡᠨ ᠪᠦᠲᠦᠭᠡᠨ ᠪᠠᠶᠢᠭᠤᠯᠤᠯᠲᠠ ᠪᠠ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ | ᠲᠠᠯᠠᠪᠠᠢ ᠶᠢᠨ ᠦᠷᠡᠵᠢᠬᠦ ᠴᠢᠳᠠᠪᠤᠷᠢ ᠲᠠᠢ ᠡᠬᠡ ᠮᠠᠯ ᠳᠤ ᠴᠢᠨᠠᠷ ᠰᠠᠶᠢᠲᠠᠢ ᠢᠴᠡᠭᠡᠯ ᠬᠢᠵᠠᠭᠠᠷᠯᠠᠬᠤ ᠦᠷ᠎ᠡ ᠶᠢ | ᠬᠡᠷᠡᠭᠯᠡᠬᠦ ᠳᠤ ᠨᠥᠬᠦᠪᠦᠷᠢ ᠥᠭᠴᠦ᠂ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ | ᠰᠠᠭᠤᠷᠢᠨ ᠳᠡᠭᠡᠷ᠎ᠡ᠂ ᠰᠢᠷᠬᠡᠭ ᠪᠦᠷᠢ ᠳᠤ ᠪᠠᠰᠠ 60 ᠲᠥᠭᠦᠷᠢᠭ ᠤᠨ ᠨᠥᠬᠦᠪᠦᠷᠢ ᠨᠡᠮᠡᠭᠳᠡᠭᠦᠯᠵᠦ᠂ ᠬᠤᠲᠠ᠂ | ᠰᠢᠶᠠᠨ ᠬᠤᠶᠠᠷ ᠱᠠᠲᠤᠨ ᠠᠴᠠ 3᠄ 7 ᠶᠢᠨ ᠬᠠᠷᠢᠴᠠᠯ ᠢᠶᠠᠷ ᠪᠡᠯᠡ ᠮᠥᠩᠭᠦ ᠶᠢ ᠢᠵᠢ ᠪᠦᠷᠢᠳᠦᠭᠦᠯᠦᠨ᠎ᠡ᠃ | ︵ᠬᠤᠶᠠᠷ︶ ᠵᠢᠭᠡᠯᠡᠯᠭᠡ ᠪᠠᠷ ᠰᠠᠭᠠᠯᠢ ᠶᠢᠨ ᠦᠨᠢᠶ᠎ᠡ ᠬᠤᠳᠠᠯᠳᠤᠨ ᠠᠪᠤᠭᠰᠠᠨ ᠲᠡᠵᠢᠭᠡᠨ ᠦᠷᠡᠵᠢᠭᠦᠯᠬᠦ ᠲᠠᠯᠠᠪᠠᠢ | ︵ᠡᠷᠥᠭᠡ︶ ᠲᠤ ᠳᠠᠮ ᠬᠦᠦ ᠲᠠᠢ ᠪᠠᠶᠢᠯᠭᠠᠨ᠎ᠠ᠃ ᠠᠵᠤ ᠠᠬᠤᠶᠢᠯᠠᠯ ᠤᠨ ᠲᠡᠵᠢᠭᠡᠨ ᠦᠷᠡᠵᠢᠭᠦᠯᠬᠦ ᠲᠠᠯᠠᠪᠠᠢ ᠶᠢᠨ | ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠥᠷᠭᠡᠳᠬᠡᠬᠦ ᠪᠡᠯᠡ ᠮᠥᠩᠭᠦ ᠶᠢᠨ ᠳᠠᠷᠤᠯᠲᠠ ᠶᠢ ᠪᠦᠲᠦᠮᠵᠢᠲᠡᠶ | ᠨᠠᠮᠳᠠᠭᠤᠯᠬᠤ ᠶᠢᠨ ᠲᠤᠰᠠᠳᠠ᠂ ᠵᠢᠭᠡᠯᠡᠯᠭᠡ ᠪᠠᠷ ᠰᠠᠭᠠᠯᠢ ᠶᠢᠨ ᠦᠨᠢᠶ᠎ᠡ ᠬᠤᠳᠠᠯᠳᠤᠨ ᠠᠪᠤᠭᠰᠠᠨ ᠲᠡᠵᠢᠭᠡᠨ | ᠦᠷᠡᠵᠢᠭᠦᠯᠬᠦ ᠲᠠᠯᠠᠪᠠᠢ ︵ᠡᠷᠦᠭᠡ︶ ᠳᠤ ᠵᠢᠭᠡᠯᠡᠯᠭᠡ ᠶᠢᠨ ᠲᠡᠮ ᠬᠦᠦ ᠣᠯᠭᠤᠵᠤ᠂ ᠲᠡᠮ ᠬᠦᠦ ᠶᠢᠨ ᠬᠠᠷᠢᠴᠠᠯ ᠢ | 2% ᠠᠴᠠ ᠳᠠᠪᠠᠭᠤᠯᠬᠤ ᠦᠭᠡᠢ᠃ ᠬᠤᠲᠠ᠂ ᠰᠢᠶᠠᠨ ᠤ ᠬᠤᠶᠠᠷ ᠱᠠᠲᠤᠨ ᠤ ᠬᠢᠨ 3᠄ 7 ᠶᠢᠨ ᠬᠠᠷᠢᠴᠠᠯ ᠢᠶᠠᠷ | ᠳᠠᠮ ᠬᠦᠦ ᠲᠠᠢ ᠪᠡᠯᠡ ᠮᠥᠩᠭᠦ ᠶᠢ ᠢᠵᠢ ᠪᠦᠷᠢᠳᠦᠭᠦᠯᠦᠨ᠎ᠡ᠃ | ︵ᠭᠤᠷᠪᠠ︶ ᠲᠡᠵᠢᠭᠡᠯ ᠡᠪᠡᠰᠦᠨ ᠤ ᠠᠵᠤ ᠦᠢᠯᠡᠰ ᠤᠨ ᠬᠥᠭᠵᠢᠯᠲᠡ ᠶᠢ ᠵᠣᠷᠢᠭᠵᠢᠭᠤᠯᠤᠨ ᠲᠡᠳᠬᠦᠨ᠎ᠡ᠃ | ᠣᠲᠣ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠶᠢᠨ ᠲᠡᠵᠢᠭᠡᠯ ᠡᠪᠡᠰᠦᠨ ᠤ ᠬᠡᠷᠡᠭᠴᠡᠭᠡ ᠱᠠᠭᠠᠷᠳᠠᠯᠭ᠎ᠠ ᠶᠢ | ᠬᠠᠩᠭᠠᠬᠤ ᠶᠢᠨ ᠲᠤᠰᠠᠳᠠ᠂ ᠴᠠᠷᠭᠠᠰᠤ᠂ ᠨᠤᠭᠤᠭᠠᠨ ᠳᠠᠷᠤᠰᠢ ᠡᠷᠳᠡᠨᠢ ᠰᠢᠰᠢ᠂ ᠨᠣᠬᠠᠢ ᠶᠢᠨ ᠬᠤᠰᠢᠭᠤ ᠵᠡᠷᠭᠡ | ᠳᠠᠪᠠᠭᠤᠯᠢᠭ ᠡᠪᠡᠰᠦᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ᠂ | ᠪᠦᠲᠦᠴᠡ ᠶᠢ ᠰᠢᠯᠢᠳᠡᠭᠵᠢᠭᠦᠯᠵᠦ᠂ ᠲᠠᠷᠢᠮᠠᠯ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶᠡᠵᠢᠭᠦᠯᠬᠦ᠂ | ᠪᠠᠷᠢᠮᠵᠢᠶᠠᠵᠢᠭᠤᠯᠬᠤ᠂ ᠲᠤᠰᠬᠠᠶᠢᠵᠢᠭᠤᠯᠬᠤ᠂ ᠮᠠᠰᠢᠨᠴᠢᠯᠠᠬᠤ ᠪᠠ ᠵᠣᠬᠢᠶᠠᠨ ᠪᠠᠶᠢᠭᠤᠯᠤᠯᠵᠢᠭᠤᠯᠬᠤ ᠬᠡᠮᠵᠢᠶ᠎ᠡ ᠶᠢ | ᠬᠦᠴᠦᠯᠡᠨ ᠴᠢᠩᠭᠠᠳᠬᠠᠨ᠎ᠠ᠃ ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠨᠡᠶᠢᠲᠡᠯᠡᠨ | ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ ︽ᠤᠯᠠᠭᠠᠨᠴᠠᠪ ᠬᠤᠲᠠ ᠶᠢᠨ ᠡᠪᠡᠰᠦ ᠪᠣᠷᠳᠣᠭᠠᠨ ᠤ ᠠᠵᠤ ᠦᠢᠯᠡᠰ ᠤᠨ | ᠬᠥᠭᠵᠢᠯᠲᠡ ᠶᠢ ᠵᠣᠷᠢᠭᠵᠢᠭᠤᠯᠤᠨ ᠲᠡᠳᠬᠦᠬᠦ ᠨᠥᠬᠦᠪᠦᠷᠢ ᠶᠢᠨ ᠲᠥᠷᠥ ᠶᠢᠨ ᠪᠣᠳᠣᠯᠭ᠎ᠠ︾ ᠶᠣᠰᠣᠭᠠᠷ ᠡᠪᠡᠰᠦ | ᠪᠣᠷᠳᠤᠭ᠎ᠠ ᠳᠠᠷᠢᠬᠤ ᠬᠠᠮᠢᠶ᠎ᠠ ᠪᠦᠬᠦᠢ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ︵ᠳᠥᠷᠪᠡ︶ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠠᠬᠤᠶᠢᠯᠠᠯ ᠤᠨ ᠲᠦᠭᠦᠬᠡᠢ | ᠰᠢᠨ᠎ᠡ ᠰᠦ ᠶᠢ ᠡᠳ᠋ᠰᠢᠭᠦᠯᠬᠦ ᠶᠢ ᠲᠡᠮᠵᠢᠨ᠎ᠡ᠃ ᠳᠣᠣᠷᠠᠳᠤ ᠤᠷᠤᠰᠬᠠᠯ ᠤᠨ ᠴᠠᠭᠠᠨ ᠢᠳᠡᠭᠡᠨ ᠤ ᠡᠳ᠋ᠰᠢᠭᠦᠯᠭᠡ ᠶᠢᠨ | ᠬᠡᠯᠬᠢᠶ᠎ᠡ ᠶᠢ ᠨᠠᠩ ᠰᠠᠶᠢᠨ ᠨᠠᠩ ᠲᠦᠷᠭᠡᠨ ᠬᠥᠭᠵᠢᠭᠦᠯᠬᠦ ᠶᠢ ᠬᠥᠲᠥᠯᠥᠨ ᠵᠢᠯᠤᠭᠤᠳᠴᠤ᠂ ᠮᠠᠨ ᠤ ᠬᠤᠲᠠ ᠶᠢᠨ | ᠣᠨᠴᠠᠯᠢᠭᠲᠤ ᠴᠠᠭᠠᠨ ᠢᠳᠡᠭᠡᠨ ᠤ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠬᠤ ᠶᠢᠨ | ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ | ᠵᠢᠵᠢᠭ ᠦᠢᠯᠡᠳᠬᠡᠯ ᠳᠤ ᠳᠠᠩᠰᠠᠯᠠᠭᠤᠯᠤᠭᠰᠠᠨ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠭᠠᠷ | ᠦᠢᠯᠡᠳᠬᠡᠯ ᠤᠨ ᠭᠠᠵᠠᠷ ᠪᠤᠶᠤ SC ᠭᠡᠷᠡᠴᠢᠯᠡᠯ ᠢ ᠨᠢᠭᠡᠨᠲᠡ ᠣᠯᠣᠭᠰᠠᠨ ᠴᠠᠭᠠᠨ ᠢᠳᠡᠭᠡᠨ ᠤ ᠡᠳ᠋ᠰᠢᠭᠦᠯᠭᠡ ᠶᠢᠨ | ᠠᠵᠤ ᠠᠬᠤᠶᠢᠯᠠᠯ ᠳᠤ ᠠᠵᠤ ᠠᠬᠤᠶᠢᠯᠠᠯ ᠤᠨ ᠲᠦᠭᠦᠬᠡᠢ ᠰᠢᠨ᠎ᠡ ᠰᠦ ᠡᠳ᠋ᠰᠢᠭᠦᠯᠬᠦ ᠲᠠᠯ᠎ᠠ ᠪᠠᠷ ᠳᠡᠮᠵᠢᠯᠭᠡ | ᠦᠵᠡᠭᠦᠯᠦᠨ᠎ᠡ᠃ | ︵ᠲᠠᠪᠤ︶ ᠴᠠᠭᠠᠨ ᠢᠳᠡᠭᠡᠨ ᠤ ᠠᠵᠤ ᠠᠬᠤᠶᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ | ᠠᠬᠢᠭᠤᠯᠤᠨ᠎ᠠ᠃ ︽ᠣᠣᠷ ᠠᠮᠲᠠᠲᠤ ᠤᠯᠠᠭᠠᠨᠴᠠᠪ︾ ︽ᠤᠯᠠᠭᠠᠨᠴᠠᠪ ᠤᠨ ᠦᠨᠦᠷ ᠠᠮᠲᠠ︾ ᠶᠢᠨ ᠨᠡᠷᠡᠲᠦ | ᠲᠡᠮᠳᠡᠭᠲᠦ ᠶᠢᠨ ᠪᠠᠶᠢᠭᠤᠯᠤᠯᠲᠠ ᠶᠢᠨ ᠰᠢᠰᠲ᠋ᠧᠮ ᠳᠤ ᠰᠠᠭᠤᠷᠢᠯᠠᠨ᠂ ︽ᠤᠯᠠᠭᠠᠨᠴᠠᠪ ᠤᠨ ᠡᠭᠡᠳᠡᠭᠰᠡᠨ ᠰᠦ︾ ᠶᠢᠨ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠶᠡᠬᠡᠪᠡᠷ ᠬᠥᠭᠵᠢᠭᠦᠯᠵᠦ᠂ ᠨᠠᠷᠠᠲᠤ ᠲᠥᠷᠥᠯ | ᠲᠡᠮᠳᠡᠭᠲᠦ ᠶᠢᠨ ᠪᠠᠶᠢᠭᠤᠯᠤᠯᠲᠠ ᠶᠢᠨ ᠢᠵᠢ ᠪᠦᠷᠢᠳᠦᠭᠦᠯᠬᠦ ᠠᠵᠤ ᠦᠢᠯᠡᠰ ᠤᠨ ᠰᠠᠭᠤᠷᠢ ᠶᠢ ᠪᠠᠬᠢᠵᠢᠭᠦᠯᠵᠦ᠂ ᠠᠵᠤ | ᠠᠬᠤᠶᠢᠯᠠᠯ ᠤᠨ ᠴᠠᠭᠠᠨ ᠢᠳᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠪᠣᠶᠢᠵᠢᠭᠤᠯᠤᠨ | ᠬᠥᠭᠵᠢᠭᠦᠯᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠯᠠᠨ ᠭᠡ ᠭᠡ ᠰᠦᠨ ᠤ ᠦᠢᠯᠡᠰ ᠢᠶᠠᠷ ᠳᠠᠭᠠᠭᠤᠯᠤᠭᠴᠢ | ᠪᠣᠯᠭᠠᠭᠰᠠᠨ᠂ ᠲᠠᠯ᠎ᠠ ᠨᠤᠲᠤᠭ ᠤᠨ ᠰᠢᠨ ᠯᠧ᠂ ᠲᠢᠶᠠᠨ ᠮᠦ ᠰᠦ ᠶᠢᠨ ᠦᠢᠯᠡᠰ ᠵᠡᠷᠭᠡ ᠨᠢᠭᠡ ᠪᠦᠯᠦᠭ ᠳᠤᠮᠳᠠ | ᠵᠢᠵᠢᠭ ᠬᠡᠯᠪᠡᠷᠢ ᠶᠢᠨ ᠴᠠᠭᠠᠨ ᠢᠳᠡᠭᠡᠨ ᠤ ᠠᠵᠤ ᠠᠬᠤᠶᠢᠯᠠᠯ ᠢᠶᠠᠷ ᠭᠤᠣᠯ ᠬᠦᠴᠦᠨ ᠪᠣᠯᠭᠠᠭᠰᠠᠨ ᠨᠠᠷᠠᠲᠤ ᠲᠥᠷᠥᠯ | ᠲᠡᠮᠳᠡᠭᠲᠦ ᠶᠢᠨ ᠠᠵᠤ ᠦᠢᠯᠡᠰ ᠤᠨ ᠰᠢᠰᠲ᠋ᠧᠮᠵᠢ ᠶᠢ ᠪᠣᠶ ᠪᠣᠯᠭᠠᠬᠤ ᠶᠢ ᠠᠬᠢᠭᠤᠯᠵᠤ᠂ ︽ᠳᠤᠮᠳᠠᠳᠤ ᠤᠯᠤᠰ ᠤᠨ | ᠲᠠᠯ᠎ᠠ ᠨᠤᠲᠤᠭ ᠤᠨ ᠡᠭᠡᠳᠡᠭᠰᠡᠨ ᠰᠦᠨ ᠤ ᠬᠤᠲᠠ︾ ᠶᠢᠨ ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠨ᠎ᠡ᠃ | ︵ᠵᠢᠷᠭᠤᠭ᠎ᠠ︶ ᠰᠦ ᠶᠢᠨ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠤᠨ ᠠᠮᠤᠷ ᠲᠦᠪᠰᠢᠨ ᠤ | ᠪᠠᠶᠢᠭᠤᠯᠤᠯᠲᠠ ᠶᠢ ᠳᠡᠮᠵᠢᠨ᠎ᠡ᠃ ᠪᠥᠬᠦ ᠬᠤᠲᠠ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠠᠵᠤ | ᠦᠢᠯᠡᠰ ᠤᠨ ᠬᠡᠯᠬᠢᠶ᠎ᠡ ᠶᠢᠨ ᠦᠢᠯᠡᠴᠢᠯᠡᠭᠡᠨ ᠤ ᠬᠢᠷᠢ ᠲᠦᠪᠰᠢᠨ ᠪᠠ ᠰᠠᠭᠠᠯᠢ ᠶᠢᠨ ᠢᠷᠡᠯᠲᠡ ᠶᠢᠨ ᠶᠠᠰᠤ ᠴᠢᠨᠠᠷ ᠢ | ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠦᠷᠡᠵᠢᠯᠲᠦ ᠡᠬᠡ ᠮᠠᠯ ᠳᠤ | ᠤᠯᠤᠰ ᠤᠨ ᠳᠣᠲᠣᠭᠠᠳᠤ ᠭᠠᠳᠠᠭᠠᠳᠤ ᠶᠢᠨ ᠨᠡᠷᠡᠰ ᠤᠨ ᠵᠢᠭᠰᠠᠭᠠᠯᠲᠠ ᠶᠢᠨ ᠡᠮᠦᠨ᠎ᠡ ᠪᠠᠶᠢᠭ᠎ᠠ ᠰᠠᠭᠠᠯᠢ ᠶᠢᠨ | ᠦᠨᠢᠶ᠎ᠡ ᠶᠢᠨ ᠴᠢᠨᠠᠷ ᠰᠠᠶᠢᠲᠠᠢ ᠢᠴᠡᠭᠡᠯ ᠦᠷ᠎ᠡ ᠪᠠ ᠪᠡᠯᠭᠡ ᠶᠢᠨ ᠡᠵᠡᠮᠰᠢᠯᠲᠦ ᠬᠦᠪᠦᠷᠡᠯ ᠢ ᠬᠡᠷᠡᠭᠯᠡᠬᠦ ᠶᠢ ᠳᠡᠮᠵᠢᠵᠦ᠂ | ᠰᠠᠶᠢᠨ ᠡᠭᠦᠯᠳᠡᠷ ᠤᠨ ᠰᠠᠭᠠᠯᠢ ᠶᠢᠨ ᠦᠨᠢᠶ᠎ᠡ ᠶᠢᠨ ᠦᠷᠡᠵᠢᠯᠲᠡ ᠶᠢᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠵᠡᠷᠭᠡᠪᠡᠷ | ᠬᠥᠭᠵᠢᠭᠦᠯᠬᠦ ᠶᠢ ᠠᠬᠢᠭᠤᠯᠤᠨ᠎ᠠ︔ ᠰᠠᠭᠠᠯᠢ ᠶᠢᠨ ᠦᠨᠢᠶ᠎ᠡ ᠶᠢᠨ ᠭᠠᠷ ᠬᠡᠭᠡᠯᠲᠦᠭᠦᠯᠭᠡ ᠶᠢᠨ ᠥᠷᠲᠡᠭᠡ ᠴᠢᠭ᠋ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠡᠭᠡᠯᠲᠦᠭᠦᠯᠭᠡ ᠶᠢᠨ ᠥᠷᠲᠡᠭᠡ ᠴᠢᠭ᠋ ᠤᠨ ᠪᠠᠭᠠᠵᠢ ᠲᠥᠬᠦᠭᠡᠷᠦᠮᠵᠢ᠂ | ᠠᠵᠢᠯᠲᠠᠨ ᠤ ᠪᠣᠯᠪᠠᠰᠤᠷᠠᠭᠤᠯᠤᠯ᠂ ᠬᠦᠢᠲᠡᠨ ᠢᠶᠠᠷ ᠬᠡᠭᠡᠯᠲᠦᠭᠦᠯᠬᠦ ᠮᠡᠷᠭᠡᠵᠢᠯ ᠢ ᠤᠬᠠᠭᠤᠯᠤᠨ ᠳᠡᠯᠭᠡᠷᠡᠭᠦᠯᠬᠦ ᠵᠡᠷᠭᠡ | ᠲᠠᠯ᠎ᠠ ᠪᠠᠷ ᠭᠤᠣᠯᠳᠠᠯᠭ᠎ᠠ ᠲᠠᠢ ᠳᠡᠮᠵᠢᠯᠭᠡ ᠦᠵᠡᠭᠦᠯᠦᠨ᠎ᠡ︔ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠡᠩᠨᠡᠭᠡ ᠶᠢ | ᠪᠠᠶᠢᠭᠤᠯᠵᠤ᠂ ᠦᠢᠯᠡᠴᠢᠯᠡᠭᠡᠨ ᠤ ᠡᠯ᠎ᠡ ᠮᠠᠯᠵᠢᠯ ᠤᠨ ᠲᠠᠯᠠᠪᠠᠶ ᠶᠢ ᠲᠣᠮᠢᠯᠠᠨ ᠰᠠᠭᠤᠯᠭᠠᠵᠤ᠂ ᠰᠢᠮ᠎ᠡ ᠲᠡᠵᠢᠭᠡᠯ ᠤᠨ | ᠨᠠᠶᠢᠷᠠᠯᠭ᠎ᠠ᠂ ᠬᠢᠵᠢᠭ ᠡᠪᠡᠳᠴᠢᠨ ᠢ ᠪᠠᠶᠢᠴᠠᠭᠠᠨ ᠰᠢᠯᠭᠠᠬᠤ᠂ ᠮᠡᠷᠭᠡᠵᠢᠯ ᠤᠨ ᠰᠢᠨᠡᠴᠢᠯᠡᠯᠲᠡ᠂ ᠮᠡᠳᠡᠭᠡ ᠵᠠᠩᠭᠢ ᠶᠢ | ᠬᠠᠮᠲᠤᠪᠠᠷ ᠭᠥᠷᠳᠡᠬᠦ᠂ ᠮᠡᠷᠭᠡᠵᠢᠯ ᠤᠨ ᠪᠣᠯᠪᠠᠰᠤᠷᠠᠭᠤᠯᠤᠯ ᠵᠡᠷᠭᠡ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ | ᠠᠵᠤ ᠦᠢᠯᠡᠰ ᠤᠨ ᠦᠢᠯᠡᠴᠢᠯᠡᠭᠡᠨ ᠤ ᠠᠵᠢᠯ ᠢ ᠥᠷᠨᠢᠭᠦᠯᠦᠨ᠎ᠡ᠃ | ︵ᠳᠣᠯᠤᠭ᠎ᠠ︶ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠲᠠᠷᠢᠶᠠᠴᠢᠨ ᠡᠷᠦᠬᠡ ᠯᠦᠭᠡ ᠲᠡᠵᠢᠭᠡᠯ ᠡᠪᠡᠰᠦ | ᠬᠤᠳᠠᠯᠳᠤᠨ ᠠᠪᠴᠤ ᠨᠥᠭᠡᠴᠡᠯᠡᠬᠦ ᠵᠠᠬᠢᠶᠠᠯᠠᠭ᠎ᠠ ᠶᠢᠨ ᠬᠠᠮᠲᠤᠷᠠᠯᠴᠠᠭ᠎ᠠ᠂ ᠰᠠᠭᠠᠯᠢ ᠶᠢᠨ ᠦᠨᠢᠶ᠎ᠡ ᠲᠡᠵᠢᠭᠡᠨ | ᠦᠷᠡᠵᠢᠭᠦᠯᠬᠦ ᠶᠢᠨ ᠬᠤᠪᠢ ᠣᠷᠣᠭᠤᠯᠤᠭᠰᠠᠨ ᠬᠠᠮᠲᠤᠷᠠᠯᠴᠠᠭ᠎ᠠ᠂ ᠭᠠᠵᠠᠷ ᠰᠢᠷᠣᠢ ᠶᠢ ᠡᠷᠭᠢᠯᠳᠦᠭᠦᠯᠬᠦ᠂ ᠬᠥᠳᠡᠯᠮᠦᠷᠢ | ᠦᠢᠯᠡᠴᠢᠯᠡᠭᠡ ᠳᠤ ᠠᠵᠢᠯ ᠣᠯᠭᠤᠬᠤ ᠵᠡᠷᠭᠡ ᠠᠰᠢᠭ ᠲᠤᠰᠠ ᠪᠠᠨ ᠬᠤᠯᠪᠣᠬᠤ ᠲᠣᠭᠲᠠᠴᠠ ᠶᠢ ᠪᠠᠶᠢᠭᠤᠯᠬᠤ ᠶᠢ | ᠵᠣᠷᠢᠭᠵᠢᠭᠤᠯᠵᠤ᠂ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠪᠠᠨ ᠨᠢᠭᠲᠠ ᠬᠤᠯᠪᠣᠭᠰᠠᠨ᠂ ᠲᠤᠬᠠᠢ ᠶᠢᠨ | ᠭᠠᠵᠠᠷ ᠤᠨ ᠲᠠᠷᠢᠶᠠᠴᠢᠳ ᠤᠨ ᠠᠵᠢᠯ ᠣᠯᠬᠤ ᠶᠢ ᠳᠠᠶᠢᠴᠢᠯᠠᠭᠰᠠᠨ᠂ ᠦᠢᠯᠡᠳᠪᠦᠷᠢᠯᠡᠯ ᠤᠨ ᠦᠷ᠎ᠡ ᠠᠰᠢᠭ ᠢᠶᠠᠷ | ᠲᠣᠪᠣᠶᠢᠮ᠎ᠠ ᠲᠡᠵᠢᠭᠡᠨ ᠦᠷᠡᠵᠢᠭᠦᠯᠬᠦ ᠠᠵᠤ ᠠᠬᠤᠶᠢᠯᠠᠯ᠂ ᠬᠤᠰᠢᠭᠤ ᠰᠢᠶᠠᠨ ᠬᠤᠲᠠ ᠲᠣᠭᠤᠷᠢᠭ ᠲᠤ ᠬᠠᠮᠢᠶ᠎ᠠ | ᠪᠦᠬᠦᠢ ᠲᠥᠷᠥᠯ ᠵᠦᠢᠯ ᠤᠨ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃ | ︵ᠨᠠᠢᠮᠠ︶ ᠪᠥᠬᠦ ᠠᠵᠤ ᠦᠢᠯᠡᠰ ᠤᠨ ᠬᠡᠯᠬᠢᠶ᠎ᠡ ᠪᠠᠷ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠤᠨ᠎ᠠ᠃ ᠰᠦᠨ ᠤ ᠦᠢᠯᠡᠰ ᠢ ᠬᠥᠭᠵᠢᠭᠦᠯᠬᠦ ᠪᠠᠷ ᠬᠠᠷᠠᠯᠲᠠ ᠪᠣᠯᠭᠠᠵᠤ᠂ ᠰᠦᠨ ᠤ ᠦᠢᠯᠡᠰ ᠤᠨ | ᠦᠢᠯᠡᠳᠪᠦᠷᠢᠯᠡᠯ ᠤᠨ ᠪᠠᠶᠢᠷᠢᠰᠢᠯ ᠢ ᠰᠢᠯᠢᠳᠡᠭᠵᠢᠭᠦᠯᠵᠦ᠂ ᠰᠦᠨ ᠤ ᠦᠢᠯᠡᠰ ᠤᠨ ᠬᠥᠭᠵᠢᠯᠲᠡ ᠶᠢᠨ ᠠᠷᠭ᠎ᠠ | ᠮᠠᠶ᠋ᠢᠭ ᠤᠨ ᠰᠢᠨ᠎ᠡ ᠠᠵᠤ ᠦᠢᠯᠡᠰ ᠤᠨ ᠬᠡᠯᠬᠢᠶ᠎ᠡ ᠶᠢᠨ ᠡᠯ᠎ᠡ ᠭᠤᠭᠴᠤᠭ᠎ᠠ ᠶᠢᠨ ᠨᠢᠭᠲᠠ ᠬᠤᠯᠪᠣᠯᠳᠤᠯ ᠢ | ᠴᠢᠩᠭᠠᠳᠬᠠᠵᠤ᠂ ᠰᠦ ᠰᠠᠭᠠᠯᠢ ᠶᠢᠨ ᠦᠢᠯᠡᠰ ᠤᠨ ᠳᠡᠭᠡᠳᠦ ᠳᠤᠮᠳᠠ ᠳᠣᠣᠷᠠᠳᠤ ᠤᠷᠤᠰᠬᠠᠯ ᠤᠨ ᠠᠵᠤ ᠦᠢᠯᠡᠰ ᠤᠨ | ᠬᠡᠯᠬᠢᠶ᠎ᠡ ᠶᠢᠨ ᠲᠣᠭᠤᠷᠢᠨ ᠳᠤ ᠰᠦ ᠰᠠᠭᠠᠯᠢ ᠶᠢᠨ ᠦᠢᠯᠡᠰ ᠤᠨ ︽ᠳᠠᠷᠢᠵᠤ ᠲᠡᠵᠢᠭᠡᠬᠦ ᠨᠡᠮᠡᠵᠦ ᠪᠣᠷᠣᠯᠠᠭᠤᠯᠬᠤ︾ ᠶᠢ | ᠨᠢᠭᠡ ᠴᠣᠭᠴᠠᠵᠢᠭᠤᠯᠤᠨ ᠬᠥᠭᠵᠢᠭᠦᠯᠬᠦ ᠵᠠᠭᠪᠤᠷ ᠢ ᠲᠦᠷᠭᠡᠳᠬᠡᠨ ᠠᠬᠢᠭᠤᠯᠵᠤ᠂ ᠰᠦᠨ ᠤ ᠢᠷᠡᠯᠲᠡ ᠶᠢᠨ ᠰᠠᠭᠤᠷᠢᠨ | ᠭᠠᠵᠠᠷ᠂ ᠡᠭᠦᠯᠳᠡᠷ ᠤᠨ ᠢᠷᠡᠯᠲᠡ ᠶᠢ ᠳᠡᠭᠡᠭᠰᠢᠯᠡᠭᠦᠯᠬᠦ᠂ ᠴᠢᠨᠠᠷ ᠰᠠᠶᠢᠲᠠᠢ ᠡᠪᠡᠰᠦ ᠪᠣᠷᠳᠤᠭ᠎ᠠ᠂ ᠡᠪᠡᠳᠴᠢᠨ ᠡᠮᠭᠡᠭ ᠢ | ᠰᠡᠷᠭᠡᠶᠢᠯᠡᠨ ᠵᠠᠰᠠᠬᠤ᠂ ᠮᠡᠷᠭᠡᠵᠢᠯ ᠤᠨ ᠦᠢᠯᠡᠴᠢᠯᠡᠭᠡ᠂ ᠶᠠᠰᠤ ᠴᠢᠨᠠᠷ ᠤᠨ ᠠᠮᠤᠷ ᠲᠦᠪᠰᠢᠨ᠂ ᠲᠥᠷᠥᠯ ᠵᠦᠢᠯ ᠤᠨ | ᠪᠡᠯᠡ ᠮᠥᠩᠭᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠢᠭᠡᠳ ᠮᠡᠷᠭᠡᠵᠢᠯ ᠤᠨ ᠪᠣᠭᠤᠮᠲᠠ ᠰᠢᠪᠲᠤᠯᠬᠤ | ᠂ ᠰᠦᠨ ᠤ ᠦᠢᠯᠡᠰ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ᠂ ᠦᠨᠳᠦᠰᠦᠲᠡᠨ ᠤ ᠣᠨᠴᠠᠯᠢᠭ ᠲᠠᠢ | ᠴᠠᠭᠠᠨ ᠢᠳᠡᠭᠡ ᠵᠡᠷᠭᠡ ᠡᠯ᠎ᠡ ᠠᠵᠤ ᠦᠢᠯᠡᠰ ᠤᠨ ᠬᠡᠯᠬᠢᠶ᠎ᠡ ᠳᠤ ᠭᠤᠣᠯᠳᠠᠯᠭ᠎ᠠ ᠲᠠᠢ ᠳᠡᠮᠵᠢᠯᠭᠡ ᠦᠵᠡᠭᠦᠯᠵᠦ᠂ ᠮᠠᠨ ᠤ | ᠬᠤᠲᠠ ᠶᠢᠨ ᠰᠦᠨ ᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ᠂ ᠦᠷ᠎ᠡ ᠠᠰᠢᠭ ᠪᠠ ᠥᠷᠢᠰᠦᠯᠳᠦᠬᠦ | ᠬᠦᠴᠦᠨ ᠢ ᠦᠨᠡᠨᠬᠦ ᠳᠡᠭᠡᠭᠰᠢᠯᠡᠭᠦᠯᠵᠦ᠂ ᠮᠠᠨ ᠤ ᠬᠤᠲᠠ ᠶᠢᠨ ᠰᠦᠨ ᠤ ᠦᠢᠯᠡᠰ ᠤᠨ ᠪᠥᠬᠦ ᠲᠠᠯ᠎ᠠ ᠪᠠᠷ ᠬᠥᠭᠵᠢᠬᠦ ᠶᠢ | ᠠᠬᠢᠭᠤᠯᠤᠨ᠎ᠠ᠃ | | ᠳᠥᠷᠪᠡ᠂ ᠲᠦᠷᠦ ᠶᠢᠨ ᠪᠣᠳᠣᠯᠭ᠎ᠠ ᠶᠢᠨ ᠠᠴᠢ ᠬᠤᠯᠪᠣᠭᠳᠠᠯ | ᠮᠠᠨ ᠤ ᠬᠤᠲᠠ ᠶᠢᠨ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢᠨ ᠲᠣᠭᠤᠷᠢᠨ ᠳᠤ ᠨᠡᠶᠢᠲᠡᠯᠡᠭᠰᠡᠨ 8 | ᠵᠦᠢᠯ ᠤᠨ ᠳᠡᠮᠵᠢᠬᠦ ᠲᠥᠷᠥ ᠶᠢᠨ ᠪᠣᠳᠣᠯᠭ᠎ᠠ ᠨᠢ ᠰᠦᠨ ᠤ ᠦᠢᠯᠡᠰ ᠤᠨ ᠬᠥᠭᠵᠢᠯᠲᠡ ᠶᠢ ᠬᠠᠮᠤᠷᠴᠤ᠂ ᠠᠵᠤ | ᠦᠢᠯᠡᠰ ᠤᠨ ᠬᠡᠯᠬᠢᠶ᠎ᠡ ᠶᠢᠨ ᠡᠯ᠎ᠡ ᠭᠤᠭᠴᠤᠭ᠎ᠠ ᠶᠢ ᠳᠡᠯᠭᠡᠨ ᠦᠵᠡᠭᠦᠯᠵᠦ᠂ ᠥᠪᠡᠷᠲᠡᠭᠡᠨ ᠵᠠᠰᠠᠬᠤ ᠣᠷᠣᠨ ᠤ | ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠮᠥᠨ ᠴᠦ ᠮᠠᠨ ᠤ ᠬᠤᠲᠠ ᠶᠢᠨ | ᠰᠦᠨ ᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ᠂ ᠦᠷ᠎ᠡ ᠠᠰᠢᠭ ᠪᠠ ᠥᠷᠢᠰᠦᠯᠳᠦᠭᠡᠨ ᠤ ᠬᠦᠴᠦᠨ ᠢ | ᠳᠡᠭᠡᠭᠰᠢᠯᠡᠭᠦᠯᠬᠦ ᠴᠢᠬᠤᠯᠠ ᠭᠠᠷᠳᠠᠴᠠ ᠮᠥᠨ᠂ ᠡᠨᠡ ᠬᠦ ᠠᠷᠭ᠎ᠠ ᠬᠡᠮᠵᠢᠶ᠎ᠡ ᠨᠢ ᠠᠵᠤ ᠠᠬᠤᠶᠢᠯᠠᠯ ᠤᠨ ᠬᠥᠭᠵᠢᠯᠲᠡ ᠳᠤ | ᠪᠡᠯᠡ ᠮᠥᠩᠭᠦᠨ ᠤ ᠳᠡᠮᠵᠢᠯᠭᠡ ᠪᠠ ᠰᠢᠯᠢᠳᠡᠭ ᠦᠢᠯᠡᠴᠢᠯᠡᠭᠡ ᠬᠠᠩᠭᠠᠭᠰᠠᠨ ᠢᠶᠠᠷ ᠪᠠᠷᠠᠬᠤ ᠦᠭᠡᠢ᠂ ᠨᠠᠩ ᠴᠤ ᠮᠠᠨ ᠤ | ᠬᠤᠲᠠ ᠶᠢᠨ ᠰᠦᠨ ᠤ ᠦᠢᠯᠡᠰ ᠤᠨ ᠪᠥᠬᠦ ᠲᠠᠯ᠎ᠠ ᠪᠠᠷ ᠬᠥᠭᠵᠢᠨ ᠮᠠᠨᠳᠤᠬᠤ ᠶᠢ ᠲᠦᠷᠭᠡᠳᠬᠡᠬᠦ ᠳᠤ ᠴᠢᠬᠤᠯᠠ ᠶᠡᠭᠡ | ᠳᠡᠮᠵᠢᠯᠭᠡ ᠬᠠᠩᠭᠠᠭᠰᠠᠨ ᠪᠥᠭᠡᠳ ᠥᠷᠭᠡᠨ ᠣᠯᠠᠨ ᠮᠠᠯᠴᠢᠨ ᠲᠠᠷᠢᠶᠠᠴᠢᠳ ᠲᠤ ᠰᠦᠨ ᠤ ᠦᠢᠯᠡᠰ ᠤᠨ ᠬᠥᠭᠵᠢᠨ | ᠮᠠᠨᠳᠤᠭᠰᠠᠨ ᠤ ᠠᠰᠢᠭ ᠢ ᠬᠠᠮᠲᠤᠪᠠᠷ ᠡᠳ᠋ᠯᠡᠭᠦᠯᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ | ᠠᠭᠤᠰᠤᠯᠳᠤᠨ ᠬᠥᠭᠵᠢᠬᠦ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠠᠬᠢᠭᠤᠯᠵᠤ᠂ ᠪᠥᠬᠦ ᠣᠷᠣᠨ ᠤ | ᠰᠦᠨ ᠤ ᠦᠢᠯᠡᠰ ᠤᠨ ᠪᠥᠬᠦ ᠲᠠᠯ᠎ᠠ ᠪᠠᠷ ᠬᠥᠭᠵᠢᠨ ᠮᠠᠨᠳᠤᠬᠤ ᠶᠢ ᠪᠡᠶᠡᠯᠡᠭᠦᠯᠬᠦ ᠳᠤ ᠲᠤᠶᠢᠯ ᠤᠨ ᠴᠢᠬᠤᠯᠠ ᠠᠴᠢ | ᠬᠤᠯᠪᠣᠭᠳᠠᠯ ᠲᠠᠢ ᠶᠤᠮ᠃ | | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |