ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/17
   2 ᠰᠠᠷ᠎ᠠ ᠶᠢᠨ 14  ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠧᠢ ᠶᠦᠨ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠶᠤᠯᠭᠦᠢ ᠦᠢᠯᠡᠳᠪᠦᠷᠢᠯᠡᠯ᠂ ᠬᠤᠳᠠ ᠶᠢᠨ ᠦᠵᠡᠮᠵᠢ ᠣᠷᠴᠢᠨ ᠲᠣᠭᠤᠷᠢᠨ ᠤ ᠵᠠᠰᠠᠯᠲᠠ᠂ ᠪᠣᠯᠪᠠᠰᠤᠨ ᠬᠤᠳᠠ ᠵᠢᠴᠢ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠵᠡᠷᠭᠡ ᠶᠠᠪᠤᠳᠠᠯ ᠢ ᠰᠤᠳᠤᠯᠵᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠶᠢ ᠴᠢᠩᠭ᠎ᠠ ᠠᠩᠬᠠᠷᠴᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠣᠯᠣᠨ ᠠᠵᠢᠯ ᠤᠨ ᠠᠷᠭ᠎ᠠ ᠬᠡᠮᠵᠢᠶ᠎ᠡ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠪᠦᠬᠦ ᠤᠯᠤᠰ ᠤᠨ ᠪᠣᠯᠪᠠᠰᠤᠨ ᠬᠤᠳᠠ ᠪᠣᠯᠣᠨ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠷᠢᠭᠤᠴᠠᠯᠭ᠎ᠠ ᠪᠠᠨ ᠪᠠᠲᠤᠳᠬᠠᠵᠤ᠂ ᠬᠠᠷᠠᠯᠲᠠ ᠪᠠᠨ ᠲᠣᠳᠣᠷᠬᠠᠶᠢᠯᠠᠵᠤ᠂ ᠡᠭᠦᠳᠦᠨ ᠪᠠᠶᠢᠭᠤᠯᠬᠤ ᠱᠠᠭᠠᠷᠳᠠᠯᠭ᠎ᠠ ᠪᠣᠯᠣᠨ ᠭᠦᠢᠴᠡᠳᠬᠡᠬᠦ ᠲᠤᠭ᠎ᠠ ᠶᠢᠨ ᠰᠢᠰᠲ᠋ᠧᠮ ᠲᠠᠢ ᠬᠠᠷᠢᠴᠠᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠦᠷᠢᠯᠡᠵᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠠᠷᠠᠳ ᠢᠶᠠᠷ ᠢᠶᠠᠨ ᠣᠷᠤᠯᠴᠠᠬᠤ ᠭᠦᠨ ᠵᠤᠵᠠᠭᠠᠨ ᠠᠭᠤᠷ ᠠᠮᠢᠰᠬᠤᠯ ᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ᠃ ᠥᠷᠭᠡᠨ ᠳᠡᠯᠭᠡᠷᠡᠩᠭᠦᠢ ᠪᠠᠷ ᠤᠬᠠᠭᠤᠯᠵᠤ ᠂ ᠬᠥᠮᠥᠨ ᠪᠦᠬᠦᠨ ᠰᠠᠶᠢᠨ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠬᠤ ᠤᠬᠠᠮᠰᠠᠷ ᠢ ᠪᠤᠢ ᠪᠣᠯᠭᠠᠵᠤ᠂ ᠬᠤᠳᠠ ᠶᠢᠨ ᠠᠷᠠᠳ ᠤᠨ ᠬᠡᠪ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ᠂ ᠣᠷᠴᠢᠨ ᠲᠣᠭᠤᠷᠢᠨ ᠢ ᠬᠠᠶᠢᠷᠠᠯᠠᠬᠤ ᠤᠬᠠᠮᠰᠠᠷᠲᠤ ᠠᠵᠢᠯᠯᠠᠭ᠎ᠠ ᠶᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠡᠳᠦᠷ ᠳᠤᠳᠤᠮ ᠤᠨ ᠬᠢᠨᠠᠯᠲᠠ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠶᠢ ᠪᠠᠶᠢᠭᠤᠯᠵᠤ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠵᠤ ᠴᠡᠪᠡᠷ ᠲᠡᠭᠰᠢ ᠡᠮᠬᠢ ᠳᠢᠭᠯᠢᠮ ᠲᠠᠢ᠂ ᠪᠣᠯᠪᠠᠰᠤᠨ ᠲᠠᠭᠠᠯᠠᠮᠵᠢᠲᠠᠢ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠡᠭᠦᠳᠦᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠪᠠᠰᠠ ︽ᠤᠯᠠᠭᠠᠨᠴᠠᠪ ᠬᠤᠲᠠ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 ︱ 2035 ᠣᠨ︶︾ ᠶᠢ ᠬᠢᠨᠠᠨ ᠵᠥᠪᠯᠡᠪᠡ᠃                                          ᠣᠷᠴᠢᠭᠤᠯᠤᠭᠴᠢ᠄ ᠭᠤᠸ᠎ᠠ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2