ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠦᠷᠦᠯ ᠵᠦᠢᠯ ᠤᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/2/22
     2 ᠰᠠᠷ᠎ᠠ ᠶᠢᠨ 20 ᠤ ᠡᠳᠦᠷ᠂ ᠳᠤᠮᠳᠠᠳᠤ ᠤᠯᠤᠰ ᠤᠨ ᠺᠠᠩ ᠬᠤᠶ ᠵᠢᠭᠤᠯᠴᠢᠯᠠᠯ ᠤᠨ ᠪᠦᠯᠦᠭᠯᠡᠯ ᠤᠨ ᠵᠣᠷᠢᠭᠰᠠᠨ ᠭᠠᠵᠠᠷ ᠤᠨ ᠠᠵᠢᠯ ᠦᠶᠯᠡᠰ ᠤᠨ ᠬᠡᠯᠲᠡᠰ ᠤᠨ ᠶᠡᠷᠦᠩᠬᠡᠶ ᠳᠠᠭᠠᠭᠠᠮᠠᠯ ᠵᠠᠩ ᠯᠢ ᠬᠥᠩ᠂ ᠲᠢᠶᠠᠨ ᠯᠦ ᠶᠢᠨ ᠬᠤᠲᠠ ︵ᠪᠡᠭᠡᠵᠢᠩ︶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠵᠠᠬᠢᠷᠤᠯ ᠵᠠᠩ ᠵᠢᠶᠠᠨ᠂ ᠵᠢᠶᠠᠩᠰᠦ ᠶᠢᠨ ᠱᠠᠨ ᠱᠦᠶ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠭᠦᠶᠴᠡᠳᠬᠡᠬᠦ ᠬᠡᠷᠡᠭ ᠮᠡᠳᠡᠭᠴᠢᠳ ᠤᠨ ᠶᠡᠷᠦᠩᠬᠡᠶ ᠵᠠᠬᠢᠷᠤᠯ ᠯᠢ ᠵᠢᠶᠠᠨ ᠵᠥᠩ᠂ ᠺᠠᠪᠢᠨ ᠴᠠᠰᠤᠨ ᠳᠤ ᠭᠤᠯᠭᠤᠬᠤ ᠪᠦᠯᠦᠭᠯᠡᠯ ᠤᠨ ᠡᠳ᠋ ᠤᠨ ᠶᠠᠪᠤᠳᠠᠯ ᠤᠨ ᠶᠡᠷᠦᠩᠬᠡᠶ ᠬᠢᠨᠠᠭᠴᠢ ᠶᠢᠨ ᠯᠸᠢ ᠨᠠᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠷᠴᠦ ᠵᠢᠭᠤᠯᠴᠢᠯᠠᠯ ᠤᠨ ᠵᠦᠶᠯᠡᠰ ᠤᠨ ᠲᠤᠬᠠᠶ ᠶᠠᠷᠢᠯᠴᠠᠪᠠ᠃ ᠬᠤᠰᠢᠭᠤᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ᠂ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃     ᠶᠠᠷᠢᠯᠴᠠᠬᠤ ᠬᠤᠷᠠᠯ ᠳᠡᠭᠡᠷ᠎ᠡ᠂ ᠡᠯ᠎ᠡ ᠠᠵᠤ ᠠᠬᠤᠶᠢᠯᠠᠯ ᠤᠨ ᠬᠢᠨ ᠠᠵᠤ ᠠᠬᠤᠶᠢᠯᠠᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠪᠣᠯᠤᠨ ᠬᠥᠭᠵᠢᠯᠲᠡ ᠶᠢᠨ ᠴᠢᠭᠯᠡᠯ ᠢ ᠲᠤᠰ ᠲᠤᠰ ᠲᠠᠨᠢᠯᠴᠠᠭᠤᠯᠪᠠ᠃ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠵᠢᠴᠢ ᠤᠯᠠᠭᠠᠨᠬᠠᠳᠠ ᠶᠢᠨ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠲᠠᠨᠢᠯᠴᠠᠭᠤᠯᠪᠠ᠃ ᠬᠤᠶᠠᠷ ᠲᠠᠯ᠎ᠠ ᠪᠠᠷ ᠢᠶᠠᠨ ᠠᠵᠤ ᠠᠬᠤᠶᠢᠯᠠᠯ ᠤᠨ ᠨᠠᠶᠢᠳᠠᠪᠤᠷᠢᠵᠢᠭᠤᠯᠤᠯᠲᠠ᠂ ᠪᠡᠯᠡ ᠣᠷᠣᠭᠤᠯᠤᠯᠲᠠ ᠶᠢᠨ ᠬᠡᠷᠡᠭᠴᠡᠭᠡ᠂ ᠬᠥᠭᠵᠢᠯᠲᠡ ᠶᠢᠨ ᠢᠷᠡᠭᠡᠳᠦᠢ ᠵᠢᠴᠢ ᠬᠠᠮᠲᠤᠷᠠᠯᠴᠠᠭᠠᠨ ᠤ ᠰᠠᠨᠠᠮᠵᠢ ᠶᠢᠨ ᠲᠤᠬᠠᠢ ᠭᠦᠨᠵᠡᠭᠡᠢ ᠰᠤᠳᠤᠯᠤᠨ ᠶᠠᠷᠢᠯᠴᠠᠵᠠᠢ᠃     ᠬᠤᠷᠠᠯ ᠠᠴᠠ᠂ ᠣᠳᠣᠬᠠᠨ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠠᠮᠵᠢᠵᠤ᠂ ᠵᠤᠭᠠᠴᠠᠯ ᠤᠨ ᠬᠥᠭᠵᠢᠯᠲᠡ ᠶᠢ ᠶᠡᠬᠡᠪᠡᠷ ᠠᠳᠬᠤᠵᠤ᠂ ᠤᠯᠠᠭᠠᠨᠬᠠᠳᠠ ᠶᠢᠨ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠠᠵᠤ ᠦᠢᠯᠡᠰ ᠤᠨ ᠲᠥᠪᠯᠡᠷᠡᠯ ᠤᠨ ᠴᠢᠳᠠᠪᠤᠷᠢ ᠲᠠᠰᠤᠷᠠᠯᠳᠡ ᠦᠭᠡᠢ ᠳᠡᠭᠡᠭᠰᠢᠯᠡᠵᠦ᠂ ᠭᠠᠯᠲᠤ ᠠᠭᠤᠯᠠ ᠶᠢᠨ ᠡᠬᠢ ᠪᠠᠶᠠᠯᠢᠭ ᠴᠤᠷ ᠤᠨ ᠭᠠᠭᠴᠠ ᠪᠠᠶᠢᠵᠤ᠂ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠳᠥᠭᠦᠮ ᠳᠥᠲᠡ ᠥᠨᠳᠥᠷ ᠪᠦᠲᠦᠮᠵᠢᠲᠡᠢ ᠪᠠᠶᠢᠵᠤ᠂ ᠠᠵᠤ ᠠᠬᠤᠶᠢᠯᠠᠯ ᠤᠨ ᠪᠡᠯᠡ ᠣᠷᠣᠭᠤᠯᠤᠨ ᠬᠥᠭᠵᠢᠭᠦᠯᠬᠦ ᠬᠦᠰᠡᠯᠡᠩ ᠤᠨ ᠭᠠᠵᠠᠷ ᠪᠣᠯᠵᠠᠢ᠃     ᠬᠤᠷᠠᠯ ᠠᠴᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ᠦᠶᠯᠡᠴᠢᠯᠡᠭᠡᠨ ᠤ ᠠᠵᠤ ᠠᠬᠤᠶᠢᠯᠠᠯ ᠂ ᠦᠶᠯᠡᠴᠢᠯᠡᠭᠡᠨ ᠤ ᠲᠥᠷᠥᠯ ᠵᠦᠶᠯ ᠢ ᠬᠥᠭᠵᠢᠯᠲᠡ ᠶᠢ ᠠᠬᠢᠭᠤᠯᠬᠤ ᠴᠢᠬᠤᠯᠠ ᠡᠭᠦᠷᠭᠡ ᠪᠣᠯᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠲᠠᠰ ᠳᠠᠷᠠᠭᠠᠯᠠᠯ ᠢᠶᠠᠷ ᠬᠠᠮᠤᠭ ᠤᠨ ᠲᠥᠬᠦᠮ᠂ ᠴᠠᠭ ᠬᠤᠭᠤᠴᠠᠭ᠎ᠠ ᠪᠠᠷ ᠬᠠᠮᠤᠭ ᠤᠨ ᠣᠬᠤᠷ ᠪᠣᠯᠭᠠᠵᠤ᠂ ᠬᠠᠮᠤᠭ ᠤᠨ ᠰᠢᠯᠢᠳᠡᠭ᠂ ᠬᠠᠮᠤᠭ ᠤᠨ ᠲᠦᠷᠭᠡᠨ ᠦᠶᠯᠡᠴᠢᠯᠡᠭᠡ ᠪᠠᠷ ᠲᠥᠷᠥᠯ ᠵᠦᠶᠯ ᠢ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠳᠡᠢ᠃ ᠬᠤᠶᠠᠷ ᠲᠠᠯ᠎ᠠ ᠪᠠᠷ ᠢᠶᠠᠨ ᠭᠠᠷ ᠬᠤᠯᠪᠣᠨ ᠬᠥᠭᠵᠢᠵᠦ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃            ᠤᠷᠴᠢᠭᠤᠯᠤᠭᠴᠢ᠄ ᠬᠦᠰᠡᠯ            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2