| | ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠲᠠ ᠶᠢ ᠵᠠᠰᠠᠬᠤ | ᠵᠥᠪᠯᠡᠯ ᠤᠨ ᠠᠯᠪᠠᠨ ᠭᠡᠷ ᠤᠨ ᠳᠡᠳ᠋ ᠡᠷᠬᠢᠯᠡᠭᠴᠢ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠰᠢᠶᠠᠨ | ᠵᠠᠰᠠᠭ ᠵᠠᠬᠢᠷᠭᠠᠨ ᠤ ᠳᠠᠬᠢᠨ ᠵᠥᠪᠯᠡᠬᠦ ᠪᠣᠯ ᠵᠠᠰᠠᠭ ᠤᠨ ᠣᠷᠳᠣᠨ ᠤ ᠰᠢᠰᠲ᠋ᠧᠮ ᠤᠨ ᠥᠪᠡᠷ ᠤᠨ ᠠᠯᠳᠠᠭ᠎ᠠ ᠪᠠᠨ | ᠵᠠᠯᠠᠷᠠᠭᠤᠯᠬᠤ ᠶᠢᠨ ᠬᠢᠨᠠᠯᠲᠠ ᠲᠠᠯᠪᠢᠬᠤ ᠳᠦᠷᠢᠮ ᠪᠠ ︽ᠠᠷᠠᠳ ᠨᠣᠶᠠᠨ ᠢᠶᠠᠨ ᠵᠠᠭᠠᠯᠳᠤᠬᠤ︾ ᠵᠠᠰᠠᠭ ᠵᠠᠬᠢᠷᠭᠠᠨ ᠤ | ᠮᠠᠷᠭᠤᠯᠳᠤᠭᠠᠨ ᠢ ᠰᠢᠢᠳᠪᠦᠷᠢᠯᠡᠬᠦ ᠶᠢᠨ ᠲᠡᠳᠬᠦᠮᠵᠢ ᠶᠢᠨ ᠳᠦᠷᠢᠮ ᠮᠥᠨ᠂ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠴᠢᠬᠤᠯᠠ ᠭᠠᠷᠳᠠᠴᠠ ᠮᠥᠨ᠂ ᠪᠠᠰᠠ ᠴᠤ ᠠᠷᠠᠳ | ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠬᠤ ᠴᠢᠬᠤᠯᠠ ᠠᠷᠭ᠎ᠠ ᠵᠠᠮ ᠮᠥᠨ᠃ ᠲᠡᠷᠡ ᠨᠢ ᠵᠠᠰᠠᠭ ᠵᠠᠬᠢᠷᠭᠠᠨ ᠤ ᠬᠢᠨᠠᠯᠲᠠ᠂ ᠵᠠᠰᠠᠭ ᠵᠠᠬᠢᠷᠭᠠᠨ ᠤ | ᠲᠡᠳᠬᠦᠮᠵᠢ ᠪᠠ ᠵᠠᠰᠠᠭ ᠵᠠᠬᠢᠷᠭᠠᠨ ᠤ ᠬᠠᠤᠯᠢ ᠴᠠᠭᠠᠵᠠ ᠶᠢᠨ ᠠᠵᠢᠯᠯᠠᠭ᠎ᠠ ᠶᠢᠨ ᠣᠨᠴᠠᠯᠢᠭ ᠪᠠ ᠰᠢᠨᠵᠢ ᠴᠢᠨᠠᠷ ᠢ | ᠬᠠᠪᠰᠤᠷᠭᠠᠵᠤ ᠪᠠᠶᠢᠳᠠᠭ᠃ ᠮᠠᠨ ᠤ ᠬᠤᠲᠠ ᠠᠯᠢ ᠣᠯᠠᠨ ᠠᠷᠭ᠎ᠠ ᠬᠡᠮᠵᠢᠶ᠎ᠡ ᠠᠪᠴᠤ᠂ ᠵᠠᠰᠠᠭ ᠵᠠᠬᠢᠷᠭᠠᠨ ᠤ ᠳᠠᠬᠢᠨ | ᠵᠥᠪᠯᠡᠬᠦ ᠪᠠ ᠵᠠᠷᠭᠤ ᠬᠦᠯᠢᠶᠡᠬᠦ ᠠᠵᠢᠯ ᠢ ᠴᠢᠩᠭᠠᠳᠬᠠᠭᠠᠳ᠂ ᠢᠯᠡᠳᠲᠡ ᠦᠷ᠎ᠡ ᠪᠦᠲᠦᠮᠵᠢ ᠣᠯᠵᠤ᠂ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠪᠦᠲᠦᠮᠵᠢᠲᠡᠶ ᠪᠠᠷ | ᠳᠡᠭᠡᠭᠰᠢᠯᠡᠭᠦᠯᠪᠡ᠃ | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠰᠦᠯᠵᠢᠶᠡᠨ ᠳᠡᠭᠡᠷᠡᠬᠢ | ᠰᠣᠷᠪᠤᠯᠵᠢᠯᠠᠭ᠎ᠠ ᠶᠢ ᠠᠩᠬᠠᠷᠬᠤ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠲᠣᠰ ᠬᠤᠭᠤᠴᠠᠭᠠᠨ ᠤ | ᠰᠣᠷᠪᠤᠯᠵᠢᠯᠠᠭ᠎ᠠ ᠳᠤ ᠪᠢᠳᠡᠨ ᠤ ᠣᠯᠠᠨ ᠳᠤ ᠤᠷᠢᠭᠰᠠᠨ ᠵᠣᠴᠢᠨ ᠪᠣᠯ ᠤᠯᠠᠭᠠᠨᠴᠠᠪ ᠬᠤᠲᠠ ᠶᠢᠨ ᠨᠠᠮ ᠤᠨ | ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠲᠠ ᠶᠢ ᠵᠠᠰᠠᠬᠤ ᠬᠤᠷᠢᠶ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ᠂ | ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠣᠪᠴᠢᠶᠠᠨ ᠳᠠᠷᠤᠭ᠎ᠠ ᠯᠢ ᠰᠢᠶᠠᠨ ᠪᠣᠯᠣᠨ᠎ᠠ᠃ ᠯᠢ ᠰᠢᠶᠠᠨ ᠲᠣᠪᠴᠢᠶᠠᠨ ᠳᠠᠷᠤᠭ᠎ᠠ ᠲᠠ ᠰᠠᠶᠢᠨ ᠤᠤ᠂ 2020 | ᠣᠨ ᠤ 4 ᠰᠠᠷ᠎ᠠ ᠳᠤ ᠲᠥᠪ ᠤᠨ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠵᠥᠪᠯᠡᠯ ᠠᠴᠠ ︽ᠵᠠᠰᠠᠭ | ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠢ ᠳᠠᠷᠤᠮᠠᠯᠯᠠᠨ ᠲᠠᠷᠬᠠᠭᠠᠵᠤ᠂ | 2021 ᠣᠨ ᠤ 1 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠵᠥᠪᠯᠡᠯ ᠠᠴᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ᠂ ᠮᠠᠨ ᠤ ᠬᠤᠲᠠ ᠪᠠᠰᠠ ᠵᠠᠰᠠᠭ | ᠵᠠᠬᠢᠷᠭᠠᠨ ᠤ ᠳᠠᠬᠢᠨ ᠵᠥᠪᠯᠡᠬᠦ ᠥᠭᠡᠷᠡᠴᠢᠯᠡᠯᠲᠡ ᠶᠢᠨ ᠠᠵᠢᠯ ᠢ ᠥᠷᠨᠢᠭᠦᠯᠦᠭᠰᠡᠨ ᠤᠤ︖ ᠭᠤᠣᠯᠳᠠᠭᠤ ᠶᠠᠮᠠᠷ ᠶᠠᠮᠠᠷ | ᠠᠵᠢᠯ ᠤᠳ ᠢ ᠬᠢᠭᠰᠡᠨ ᠪᠤᠢ︖ | ᠯᠢ ᠰᠢᠶᠠᠨ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︖ᠮᠠᠨ ᠤ ᠬᠤᠲᠠ 2021 ᠣᠨ ᠤ | ᠡᠬᠢᠨ ᠠᠴᠠ ᠡᠬᠢᠯᠡᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ | ᠡᠬᠢᠯᠡᠭᠦᠯᠵᠦ᠂ ᠤᠯᠠᠭᠠᠨᠴᠠᠪ ᠬᠤᠲᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ | ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠤᠯᠪᠣᠭᠳᠠᠯ ᠪᠦᠬᠦᠢ ᠳᠠᠬᠢᠨ ᠵᠥᠪᠯᠡᠬᠦ ᠠᠵᠢᠯ ᠢ | ︽2021 ︱ 2025 ᠣᠨ ᠤ ᠬᠠᠤᠯᠢ ᠪᠠᠷ ᠵᠠᠰᠠᠬᠤ ᠤᠯᠠᠭᠠᠨᠴᠠᠪ ᠤᠨ ᠪᠦᠲᠦᠭᠡᠨ ᠪᠠᠶᠢᠭᠤᠯᠤᠯᠲᠠ ᠶᠢᠨ | ᠲᠥᠯᠦᠪᠵᠢᠭᠦᠯᠭᠡ︾ ᠳᠤ ᠣᠷᠣᠭᠤᠯᠪᠠ︔ ︽ᠤᠯᠠᠭᠠᠨᠴᠠᠪ ᠬᠤᠲᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ | ᠪᠠᠶᠢᠭᠤᠯᠤᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠢ ᠨᠡᠶᠢᠲᠡᠯᠡᠵᠦ᠂ 2021 ᠣᠨ ᠤ 6 ᠳ᠋ᠤᠭᠠᠷ | ᠰᠠᠷ᠎ᠠ ᠶᠢᠨ 8 ᠤ ᠡᠳᠦᠷ ᠪᠥᠬᠦ ᠬᠤᠲᠠ ᠶᠢᠨ ᠬᠡᠪᠴᠢᠶᠡᠨ ᠳᠤ ᠳᠠᠷᠤᠮᠠᠯᠯᠠᠨ ᠲᠠᠷᠬᠠᠭᠠᠵᠤ ᠳᠤᠭᠤᠰᠢᠯᠠᠭᠤᠯᠤᠨ | ᠬᠡᠷᠡᠭᠵᠢᠭᠦᠯᠪᠡ᠂ ᠡᠭᠦᠨ ᠤ ᠳᠠᠷᠠᠭ᠎ᠠ ᠪᠠᠷ 11 ᠬᠤᠰᠢᠭᠤ ᠰᠢᠶᠠᠨ ᠬᠤᠲᠠ ᠲᠣᠭᠤᠷᠢᠭ ᠴᠤ ᠤᠷᠢᠳ ᠬᠤᠵᠢᠳ | ᠲᠤᠬᠠᠢ ᠶᠢᠨ ᠭᠠᠵᠠᠷ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ | ᠲᠥᠰᠥᠯ ᠢ ᠨᠡᠶᠢᠲᠡᠯᠡᠪᠡ︔ 2021 ᠣᠨ ᠤ 7 ᠰᠠᠷ᠎ᠠ ᠶᠢᠨ ᠰᠡᠭᠦᠯᠴᠢ ᠪᠠᠷ ᠬᠤᠲᠠ ᠶᠢᠨ ᠲᠣᠰ ᠱᠠᠲᠤᠨ ᠤ ᠪᠠ | 11 ᠬᠤᠰᠢᠭᠤ ᠰᠢᠶᠠᠨ ︵ᠬᠤᠲᠠ᠂ ᠲᠣᠭᠤᠷᠢᠭ︶ ᠬᠤᠶᠠᠷ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ | ᠵᠠᠬᠢᠷᠭᠠᠨ ᠤ ᠳᠠᠬᠢᠨ ᠵᠥᠪᠯᠡᠬᠦ ᠡᠭᠦᠷᠭᠡ ᠬᠠᠷᠢᠭᠤᠴᠠᠯᠭ᠎ᠠ ᠶᠢ ᠡᠮᠬᠢᠯᠡᠨ ᠨᠡᠶᠢᠯᠡᠭᠦᠯᠬᠦ ᠪᠠ ᠵᠠᠰᠠᠭ ᠵᠠᠬᠢᠷᠭᠠᠨ ᠤ ᠳᠠᠬᠢᠨ | ᠵᠥᠪᠯᠡᠬᠦ ᠡᠷᠬᠡ ᠶᠢ ᠲᠥᠪᠯᠡᠷᠡᠭᠦᠯᠦᠨ ᠬᠡᠷᠡᠭᠵᠢᠭᠦᠯᠬᠦ ᠥᠭᠡᠷᠡᠴᠢᠯᠡᠯᠲᠡ ᠶᠢᠨ ᠡᠭᠦᠷᠭᠡ ᠶᠢ ᠪᠦᠬᠦᠨ ᠢ ᠪᠡᠶᠡᠯᠡᠭᠦᠯᠵᠦ᠂ | ᠨᠢᠭᠡ ᠱᠠᠲᠤᠨ ᠤ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠶᠢ ᠨᠢᠭᠡ ᠯᠡ | ᠪᠠᠶᠢᠭᠤᠯᠤᠭᠰᠠᠨ ᠪᠥᠭᠡᠳ ᠲᠤᠰ ᠳᠠᠬᠢᠨ ᠵᠥᠪᠯᠡᠬᠦ ᠪᠠᠶᠢᠭᠤᠯᠤᠮᠵᠢ ᠠᠴᠠ ᠲᠥᠪᠯᠡᠷᠡᠭᠦᠯᠦᠨ ᠭᠥᠯᠢᠶᠡᠨ ᠠᠪᠴᠤ᠂ | ᠲᠥᠪᠯᠡᠷᠡᠭᠦᠯᠦᠨ ᠰᠢᠭᠦᠨ ᠰᠢᠢᠳᠪᠦᠷᠢᠯᠡᠵᠦ᠂ ᠲᠥᠪᠯᠡᠷᠡᠭᠦᠯᠦᠨ ᠲᠣᠭᠲᠠᠭᠠᠵᠤ᠂ ᠲᠤᠰ ᠭᠠᠵᠠᠷ ᠤᠨ ᠵᠠᠰᠠᠭ ᠵᠠᠬᠢᠷᠭᠠᠨ ᠤ | ᠳᠠᠬᠢᠨ ᠵᠥᠪᠯᠡᠬᠦ ᠬᠡᠷᠡᠭ ᠲᠤ ᠲᠥᠪᠯᠡᠷᠡᠭᠦᠯᠦᠨ ᠬᠦᠷᠭᠡᠵᠦ᠂ ᠰᠢᠨᠵᠢᠯᠡᠬᠦ ᠤᠬᠠᠭᠠᠨᠴᠢ᠂ ᠨᠢᠭᠡᠳᠦᠯᠲᠡᠢ ᠵᠠᠰᠠᠭ | ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠶᠢ ᠪᠠᠶᠢᠭᠤᠯᠤᠭᠰᠠᠨ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ᠂ ᠮᠠᠨ ᠤ ᠬᠤᠲᠠ ᠨᠢᠭᠡᠨᠲᠡ ᠵᠠᠰᠠᠭ ᠵᠠᠬᠢᠷᠭᠠᠨ ᠤ ᠳᠠᠬᠢᠨ ᠵᠥᠪᠯᠡᠬᠦ | ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ᠃ | ᠬᠥᠲᠥᠯᠥᠭᠴᠢ᠄ ᠪᠦᠬᠦ ᠬᠤᠲᠠ ᠳᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ | ᠶᠢ ᠥᠷᠨᠢᠭᠦᠯᠬᠦ ᠪᠠᠷ ᠳᠠᠮᠵᠢᠭᠠᠳ᠂ ᠪᠢᠳᠡ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠲᠠᠯ᠎ᠠ ᠪᠠᠷ ᠶᠠᠮᠠᠷ | ᠶᠠᠮᠠᠷ ᠦᠷ᠎ᠡ ᠪᠦᠲᠦᠮᠵᠢ ᠣᠯᠣᠭᠰᠠᠨ ᠪᠤᠶ︖ | ᠯᠢ ᠰᠢᠶᠠᠨ᠄ 2021 ᠣᠨ ᠳᠤ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠪᠠᠶᠢᠭᠤᠯᠤᠯ ᠤᠨ | ᠥᠭᠡᠷᠡᠴᠢᠯᠡᠯᠲᠡ ᠠᠴᠠ ᠨᠠᠰᠢ᠂ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠬᠡᠷᠡᠭ ᠢ ᠰᠢᠨ᠎ᠡ ᠪᠠᠷ ᠭᠥᠯᠢᠶᠡᠨ | ᠠᠪᠤᠭᠰᠠᠨ ᠪᠠ ᠭᠥᠯᠢᠶᠡᠨ ᠠᠪᠴᠤ ᠰᠢᠢᠳᠪᠦᠷᠢᠯᠡᠭᠰᠡᠨ ᠲᠤᠭ᠎ᠠ ᠬᠡᠮᠵᠢᠶ᠎ᠡ ᠶᠡᠷᠦᠩᠬᠡᠢ ᠳᠡᠭᠡᠨ ᠨᠡᠮᠡᠭᠳᠡᠬᠦ ᠬᠠᠨᠳᠤᠰᠢ ᠲᠠᠢ | ᠪᠣᠯᠵᠤ᠂ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠳᠦᠷᠢᠮ ᠤᠨ ᠴᠢᠳᠠᠮᠵᠢ ᠶᠢ ᠭᠦᠢᠴᠡᠳ ᠪᠠᠳᠠᠷᠠᠭᠤᠯᠤᠨ᠂ ᠤᠯᠠᠨ | ᠲᠦᠮᠡᠨ ᠪᠠ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠦᠴᠦᠯᠡᠨ ᠬᠠᠮᠠᠭᠠᠯᠠᠬᠤ ᠶᠢᠨ ᠲᠥᠯᠥᠭᠡ᠂ | ᠪᠢᠳᠡ ᠶᠡᠭᠡ ᠬᠡᠮᠵᠢᠶᠡᠨ ᠤ ᠠᠵᠢᠯ ᠬᠢᠵᠦ᠂ ᠪᠠᠰᠠ ᠨᠡᠯᠢᠶᠡᠳ ᠢᠯᠡᠷᠬᠡᠢ ᠦᠷ᠎ᠡ ᠪᠦᠲᠦᠮᠵᠢ ᠣᠯᠵᠠᠢ᠃ | ᠨᠢᠭᠡ ᠳᠤ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ ᠬᠡᠷᠡᠭ ᠰᠢᠢᠳᠪᠦᠷᠢᠯᠡᠬᠦ ᠶᠠᠰᠤ | ᠴᠢᠨᠠᠷ ᠢ ᠪᠠᠲᠤᠯᠠᠪᠠ᠃ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠬᠡᠷᠡᠭ ᠢ ᠰᠢᠢᠳᠪᠦᠷᠢᠯᠡᠬᠦ ᠶᠠᠪᠤᠴᠠ ᠳᠤ᠂ ᠬᠦᠨᠳᠦ | ᠶᠡᠭᠡ ᠲᠦᠪᠡᠭᠲᠡᠢ ᠬᠡᠷᠡᠭ ᠠᠴᠠ ᠪᠤᠰᠤᠳ ᠢ ᠨᠢ ᠴᠥᠮ ᠴᠠᠭ ᠲᠤᠬᠠᠢ ᠳᠤᠨᠢ ᠭᠥᠯᠢᠶᠡᠨ ᠠᠪᠴᠤ᠂ ᠴᠠᠭ ᠲᠤᠬᠠᠢ | ᠳᠤᠨᠢ ᠰᠢᠭᠦᠵᠦ ᠳᠠᠭᠤᠰᠬᠠᠪᠠ᠃ ᠦᠨᠳᠦᠰᠦᠨ ᠬᠠᠤᠯᠢ ᠪᠠ ᠬᠠᠤᠯᠢ ᠴᠠᠭᠠᠵᠠ ᠳᠤ ᠲᠣᠭᠲᠠᠭᠠᠭᠰᠠᠨ ᠲᠤᠰᠢᠶᠠᠯ | ᠬᠠᠷᠢᠭᠤᠴᠠᠯᠭ᠎ᠠ ᠶᠢᠨ ᠡᠷᠬᠡ ᠶᠢᠨ ᠬᠡᠪᠴᠢᠶ᠎ᠡ ᠶᠢ ᠴᠢᠩᠭ᠎ᠠ ᠵᠢᠷᠤᠮᠯᠠᠨ᠂ ᠪᠣᠳᠠᠲᠤ ᠬᠡᠷᠡᠭ ᠢᠶᠠᠷ ᠦᠨᠳᠦᠰᠦᠯᠡᠯ ᠪᠣᠯᠭᠠᠨ᠂ | ᠬᠠᠤᠯᠢ ᠴᠠᠭᠠᠵᠠ ᠪᠠᠷ ᠪᠠᠷᠢᠮᠵᠢᠶ᠎ᠠ ᠪᠣᠯᠭᠠᠵᠤ᠂ ᠲᠠᠬᠢᠨ ᠵᠥᠪᠯᠡᠬᠦ ᠪᠠᠷ ᠭᠤᠶᠤᠴᠢᠯᠠᠭᠰᠠᠨ ᠪᠣᠳᠠᠲᠠᠢ ᠵᠠᠰᠠᠭ ᠵᠠᠬᠢᠷᠭᠠᠨ ᠤ | ᠦᠢᠯᠡ ᠠᠵᠢᠯᠯᠠᠭ᠎ᠠ ᠶᠢ ᠬᠠᠤᠯᠢ ᠪᠠᠷ ᠲᠣᠭᠲᠠᠭᠠᠭᠰᠠᠨ ᠵᠢᠷᠤᠮ ᠢᠶᠠᠷ ᠬᠢᠨᠠᠨ ᠪᠠᠶᠢᠴᠠᠭᠠᠬᠤ ᠶᠢᠨ ᠬᠠᠮᠲᠤ ᠲᠤᠬᠠᠢ ᠶᠢᠨ | ᠬᠥᠮᠥᠨ ᠤ ᠲᠣᠭᠠᠴᠢᠯᠲᠠ ᠶᠢ ᠰᠣᠨᠣᠰᠬᠤ᠂ ᠲᠤᠬᠠᠢ ᠶᠢᠨ ᠲᠠᠯᠠᠪᠤᠷ ᠲᠤ ᠪᠠᠶᠢᠴᠠᠭᠠᠯᠲᠠ ᠬᠢᠵᠦ ᠭᠡᠷᠡᠴᠢ ᠠᠪᠬᠤ᠂ | ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠷᠡᠭ ᠤᠨ | ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠬᠠᠤᠯᠢ ᠶᠣᠰᠣᠭᠠᠷ ᠲᠥᠪ ᠭᠤᠣᠯᠴᠢ ᠪᠠᠷ ᠰᠢᠭᠦᠬᠦ ᠳᠤ ᠰᠠᠭᠤᠷᠢ ᠲᠠᠯᠪᠢᠵᠤ | ᠥᠭᠪᠡ᠃ 2021 ᠣᠨ ᠠᠴᠠ ᠨᠠᠰᠢ ᠬᠠᠤᠯᠢ ᠶᠣᠰᠣᠭᠠᠷ ᠰᠢᠭᠦᠭᠰᠡᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ | ᠬᠡᠷᠡᠭ ᠤᠨ ᠰᠢᠭᠦᠵᠦ ᠳᠠᠭᠤᠰᠬᠠᠬᠤ ᠳᠤᠮᠳᠠᠴᠢ ᠬᠤᠭᠤᠴᠠᠭ᠎ᠠ ᠨᠢ 40 ᠡᠳᠦᠷ ᠤᠨ ᠳᠣᠲᠣᠷ᠎ᠠ ᠬᠠᠤᠯᠢ ᠳᠤ | ᠲᠣᠭᠲᠠᠭᠠᠭᠰᠠᠨ 60 ᠡᠳᠦᠷ ᠠᠴᠠ ᠳᠣᠣᠷ᠎ᠠ ᠪᠠᠶᠢᠬᠤ ᠮᠥᠷᠲᠡᠭᠡᠨ ᠳᠠᠬᠢᠨ ᠵᠥᠪᠯᠡᠭᠰᠡᠨ ᠤ ᠳᠠᠷᠠᠭ᠎ᠠ ᠵᠠᠷᠭᠤ | ᠢᠯᠠᠭᠳᠠᠭᠰᠠᠨ ᠬᠡᠷᠡᠭ ᠭᠠᠷᠤᠭᠰᠠᠨ ᠦᠭᠡᠢ᠃ | ᠬᠤᠶᠠᠷ ᠲᠤ ᠠᠷᠠᠳ ᠤᠨ ᠲᠥᠯᠥᠭᠡ ᠲᠠᠬᠢᠨ ᠵᠥᠪᠯᠡᠬᠦ ᠶᠢ ᠪᠠᠷᠢᠮᠲᠠᠯᠠᠵᠤ᠂ ᠪᠣᠳᠠᠲᠤ ᠶᠠᠪᠤᠳᠠᠯ ᠢ ᠢᠯᠡᠭᠦᠬᠡᠨ | ᠪᠦᠲᠦᠭᠡᠬᠦ ᠪᠠᠷ ᠴᠢᠷᠮᠠᠶᠢᠪᠠ᠃ ︽ᠠᠷᠠᠳ ᠲᠦᠮᠡᠨ ᠢᠶᠠᠷ ᠭᠤᠣᠯ ᠪᠣᠯᠭᠠᠬᠤ︾ ᠦᠢᠯᠡᠴᠢᠯᠡᠭᠡᠨ ᠤ ᠣᠨᠣᠯᠵᠢᠬᠤᠨ ᠢ | ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠪᠥᠬᠦ ᠶᠠᠪᠤᠴᠠ ᠳᠤ ᠳᠤᠭᠤᠰᠢᠯᠠᠭᠤᠯᠬᠤ ᠶᠢ ᠪᠠᠷᠢᠮᠲᠠᠯᠠᠵᠤ᠂ ᠳᠠᠬᠢᠨ | ᠵᠥᠪᠯᠡᠬᠦ ᠳᠤ ᠠᠷᠠᠳ ᠲᠤ ᠲᠥᠬᠦᠮ ᠦᠵᠡᠭᠦᠯᠬᠦ ᠵᠠᠷᠴᠢᠮ ᠢ ᠢᠮᠠᠭᠲᠠ ᠪᠠᠷᠢᠮᠲᠠᠯᠠᠨ᠎ᠠ᠃ ᠣᠯᠠᠨ ᠲᠦᠮᠡᠨ ᠪᠠ ᠠᠵᠤ | ᠠᠬᠤᠶᠢᠯᠠᠯ ᠤᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠪᠠᠷ ᠭᠤᠶᠤᠴᠢᠯᠠᠬᠤ ᠳᠤ ᠬᠠᠮᠤᠭ ᠤᠨ ᠶᠡᠭᠡ ᠬᠡᠮᠵᠢᠶᠡᠨ ᠤ | ᠲᠥᠬᠦᠮ ᠪᠠ ᠴᠢᠬᠤᠯᠠ ᠪᠦᠬᠦᠢ ᠬᠠᠪᠰᠤᠷᠤᠯᠭ᠎ᠠ ᠬᠠᠩᠭᠠᠵᠤ᠂ ᠣᠯᠠᠨ ᠲᠦᠮᠡᠨ ᠤ ᠵᠠᠰᠠᠭ ᠵᠠᠬᠢᠷᠭᠠᠨ ᠢᠶᠠᠷ ᠳᠠᠬᠢᠨ | ᠵᠥᠪᠯᠡᠬᠦ ᠲᠤᠬᠠᠢ ᠯᠠᠪᠯᠠᠯᠭ᠎ᠠ ᠶᠢ ᠴᠠᠭ ᠲᠤᠬᠠᠢ ᠳᠤᠨᠢ ᠬᠠᠷᠢᠭᠤᠯᠬᠤ ᠶᠢᠨ ᠬᠠᠮᠲᠤ᠂ ᠵᠠᠰᠠᠭ ᠵᠠᠬᠢᠷᠭᠠᠨ ᠢᠶᠠᠷ ᠳᠠᠬᠢᠨ | ᠵᠥᠪᠯᠡᠬᠦ ᠭᠤᠶᠤᠴᠢᠯᠠᠯ ᠤᠨ ᠪᠢᠴᠢᠭ ᠢ ᠪᠢᠴᠢᠬᠦ ᠳᠤ ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠪᠠ ᠠᠵᠤ | ᠠᠬᠤᠶᠢᠯᠠᠯ ᠳᠤ ᠢᠳᠡᠪᠬᠢᠲᠡᠢ ᠵᠢᠯᠣᠭᠤᠳᠤᠯᠭ᠎ᠠ ᠬᠠᠩᠭᠠᠨ᠎ᠠ︔ ᠭᠡᠷᠡᠴᠢ ᠪᠠᠷᠢᠮᠲᠠ ᠶᠢᠨ ᠮᠠᠲ᠋ᠧᠷᠢᠶᠠᠯ ᠨᠢ ᠭᠦᠢᠴᠡᠳ | ᠦᠭᠡᠢ ᠪᠠᠶᠢᠪᠠᠯ᠂ ᠭᠤᠶᠤᠴᠢᠯᠠᠭᠴᠢ ᠳᠤ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠮᠡᠳᠡᠭᠳᠡᠨ᠎ᠡ︔ ᠣᠷᠣᠨ ᠰᠠᠭᠤᠴᠠ | ᠨᠢ ᠨᠡᠯᠢᠶᠡᠳ ᠬᠤᠯᠠ ᠪᠥᠭᠡᠳ ᠲᠤᠬᠠᠢ ᠶᠢᠨ ᠭᠠᠵᠠᠷ ᠲᠤᠨᠢ ᠲᠠᠬᠢᠨ ᠵᠥᠪᠯᠡᠭᠰᠡᠨ ᠪᠢᠴᠢᠭ ᠬᠠᠷ᠎ᠠ ᠶᠢ ᠠᠪᠬᠤ ᠳᠤ | ᠳᠥᠭᠦᠮ ᠦᠭᠡᠢ ᠭᠤᠶᠤᠴᠢᠯᠠᠭᠴᠢ ᠶᠢ ᠰᠢᠤᠳᠠᠨ ᠢᠶᠠᠷ ᠬᠦᠷᠭᠡᠬᠦ ᠶᠢᠨ ᠬᠠᠮᠲᠤ ᠬᠦᠷᠭᠡᠭᠰᠡᠨ ᠪᠠᠶᠢᠳᠠᠯ ᠢ ᠴᠠᠭ ᠲᠤᠬᠠᠢ | ᠳᠤᠨᠢ ᠮᠥᠷᠳᠡᠵᠦ᠂ ᠤᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ ᠪᠠᠷ ᠴᠢᠷᠮᠠᠶᠢᠵᠤ᠂ ᠤᠯᠠᠨ ᠲᠦᠮᠡᠨ ᠪᠠ | ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ᠭᠤᠷᠪᠠ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠪᠠᠷ ᠭᠤᠶᠤᠴᠢᠯᠠᠬᠤ ᠪᠠ ᠬᠡᠷᠡᠭ ᠭᠥᠯᠢᠶᠡᠨ ᠠᠪᠬᠤ | ᠠᠷᠭ᠎ᠠ ᠵᠠᠮ ᠢ ᠥᠷᠭᠡᠳᠬᠡᠨ᠎ᠡ᠃ ᠰᠢᠶᠠᠩ ᠪᠠᠯᠭᠠᠰᠤᠨ ᠤ ᠬᠠᠤᠯᠢ ᠴᠠᠭᠠᠵᠠ ᠶᠢᠨ ᠪᠠᠶᠢᠭ᠎ᠠ ᠪᠥᠬᠦ ᠬᠤᠲᠠ ᠶᠢᠨ | ᠬᠡᠪᠴᠢᠶᠡᠨ ᠳᠤ ᠲᠦᠰᠢᠭᠯᠡᠨ 20 ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠣᠷᠣᠯᠠᠨ ᠭᠦᠢᠴᠡᠳᠬᠡᠬᠦ ᠴᠢᠭ᠋ ᠢ | ᠪᠠᠶᠢᠭᠤᠯᠤᠭᠰᠠᠨ ᠪᠥᠭᠡᠳ ᠣᠷᠣᠯᠠᠨ ᠭᠦᠢᠴᠡᠳᠬᠡᠬᠦ ᠴᠢᠭ᠋ ᠲᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ | ᠭᠤᠶᠤᠴᠢᠯᠠᠯ ᠤᠨ ᠪᠢᠴᠢᠭ ᠤᠨ ᠬᠡᠪ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠭᠥᠯᠢᠶᠡᠨ ᠠᠪᠴᠤ ᠰᠢᠢᠳᠪᠦᠷᠢᠯᠡᠬᠦ | ᠶᠠᠪᠤᠴᠠ ᠵᠡᠷᠭᠡ ᠮᠠᠲ᠋ᠧᠷᠢᠶᠠᠯ ᠢ ᠲᠠᠯᠪᠢᠵᠤ᠂ ᠠᠷᠠᠳ ᠣᠯᠠᠨ ᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠪᠠᠷ | ᠭᠤᠶᠤᠴᠢᠯᠠᠬᠤ ᠳᠤ ᠲᠥᠬᠦᠮ ᠦᠵᠡᠭᠦᠯᠪᠡ᠃ ᠬᠡᠰᠡᠭ ᠬᠤᠰᠢᠭᠤ ᠰᠢᠶᠠᠨ ᠨᠢ ᠣᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡᠨ ᠤ ᠲᠥᠪ ᠢ ᠠᠰᠢᠭᠯᠠᠨ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠶᠢ ᠭᠥᠯᠢᠶᠡᠨ | ᠠᠪᠴᠤ ᠰᠢᠢᠳᠪᠦᠷᠢᠯᠡᠬᠦ ᠴᠣᠩᠬᠤ ᠭᠠᠷᠭᠠᠵᠤ᠂ ᠲᠤᠬᠠᠢ ᠶᠢᠨ ᠬᠥᠮᠥᠨ ᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ | ᠬᠠᠮᠢᠶ᠎ᠠ ᠪᠦᠬᠦᠢ ᠤᠴᠢᠷ ᠶᠠᠪᠤᠳᠠᠯ ᠢ ᠠᠰᠠᠭᠤᠨ ᠯᠠᠪᠯᠠᠬᠤ ᠶᠢ ᠭᠥᠯᠢᠶᠡᠨ ᠠᠪᠴᠤ᠂ ᠣᠯᠠᠨ ᠲᠦᠮᠡᠨ ᠳᠤ ᠥᠨᠳᠥᠷ | ᠪᠦᠲᠦᠮᠵᠢᠲᠡᠶ᠂ ᠳᠥᠭᠦᠮ ᠳᠥᠲᠡ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠭᠤᠶᠤᠴᠢᠯᠠᠯ ᠢ ᠭᠥᠯᠢᠶᠡᠨ ᠠᠪᠴᠤ | ᠰᠢᠢᠳᠪᠦᠷᠢᠯᠡᠬᠦ ᠦᠢᠯᠡᠴᠢᠯᠡᠭᠡ ᠶᠢ ᠬᠠᠩᠭᠠᠨ᠎ᠠ᠃ | ᠳᠥᠷᠪᠡ ᠳᠤ ᠡᠶᠡᠳᠡᠭᠦᠯᠬᠦ ᠶᠢ ᠲᠡᠷᠢᠭᠦᠨ ᠳᠤ ᠲᠠᠯᠪᠢᠬᠤ ᠵᠠᠷᠴᠢᠮ ᠢ ᠪᠠᠷᠢᠮᠲᠠᠯᠠᠨ᠎ᠠ᠃ ᠤᠯᠠᠭᠠᠨᠴᠠᠪ ᠬᠤᠲᠠ ᠶᠢᠨ | ᠳᠠᠬᠢᠨ ᠵᠥᠪᠯᠡᠬᠦ ᠪᠠᠶᠢᠭᠤᠯᠤᠮᠵᠢ ᠨᠢ ᠮᠠᠷᠭᠤᠯᠳᠤᠭᠠᠨ ᠤ ᠬᠤᠶᠠᠷ ᠲᠠᠯ᠎ᠠ ᠶᠢᠨ ᠬᠠᠤᠯᠢ ᠶᠣᠰᠣᠨ ᠤ᠂ ᠵᠦᠢ ᠵᠣᠬᠢᠰᠲᠠᠢ | ᠪᠣᠷᠣ ᠲᠥᠯᠥᠪ ᠤᠨ ᠳᠣᠣᠷ᠎ᠠ ᠪᠦᠲᠦᠮᠵᠢᠲᠡᠶ ᠨᠡᠪᠲᠡᠷᠡᠯᠴᠡᠬᠦ ᠶᠢ ᠢᠳᠡᠪᠬᠢᠲᠡᠢ ᠠᠬᠢᠭᠤᠯᠵᠤ᠂ ᠬᠤᠶᠠᠷ ᠲᠠᠯ᠎ᠠ ᠶᠢᠨ | ᠮᠠᠷᠭᠤᠯᠳᠤᠭᠠᠨ ᠤ ᠲᠥᠪᠯᠡᠷᠡᠯ ᠤᠨ ᠴᠡᠭ ᠢ ᠲᠣᠳᠣᠷᠬᠠᠶᠢᠯᠠᠨ ᠵᠦᠢ ᠵᠣᠬᠢᠰᠲᠠᠢ ᠰᠢᠢᠳᠪᠦᠷᠢᠯᠡᠬᠦ ᠲᠥᠰᠥᠯ ᠳᠤᠷᠠᠳᠴᠤ᠂ | ︽ᠡᠶᠡᠳᠡᠭᠦᠯᠬᠦ ᠶᠢ ᠲᠡᠷᠢᠭᠦᠨ ᠳᠤ ᠲᠠᠯᠪᠢᠵᠤ᠂ ᠲᠣᠬᠢᠷᠠᠭᠤᠯᠬᠤ ᠶᠣᠰᠣᠲᠠᠢ ᠶᠢ ᠨᠢ ᠴᠥᠮ ᠲᠣᠬᠢᠷᠠᠭᠤᠯᠵᠤ︾᠂ ᠵᠠᠰᠠᠭ | ᠵᠠᠬᠢᠷᠭᠠᠨ ᠤ ᠡᠶᠡᠳᠡᠭᠦᠯᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠵᠢᠭᠤᠷᠠᠯᠳᠤᠭᠠᠨ ᠢ ᠵᠦᠢ ᠵᠣᠬᠢᠰᠲᠠᠢ᠂ | ᠲᠤᠶᠢᠯᠪᠤᠷᠢᠲᠠᠢ ᠰᠢᠢᠳᠪᠦᠷᠢᠯᠡᠨ᠎ᠡ᠃ 2022 ᠣᠨ ᠤ 1 ᠰᠠᠷ᠎ᠠ ︱ 8 ᠰᠠᠷ᠎ᠠ ᠳᠤ᠂ ᠨᠡᠶᠢᠲᠡ 15 ᠬᠡᠷᠡᠭ ᠢ | ᠡᠶᠡᠳᠡᠭᠦᠯᠵᠦ᠂ ᠡᠶᠡᠳᠡᠭᠦᠯᠦᠭᠡᠳ ᠠᠮᠵᠢᠯᠲᠠ ᠣᠯᠣᠭᠰᠠᠨ ᠨᠣᠷᠮ᠎ᠠ ᠨᠢ 100% ᠳᠤ ᠬᠦᠷᠴᠡᠢ᠃ | ᠡᠷᠬᠢᠯᠡᠭᠴᠢ᠄ ᠣᠶᠢᠷ᠎ᠠ ᠶᠢᠨ ᠵᠢᠯ ᠤᠳ ᠲᠤ ᠡᠯ᠎ᠡ ᠱᠠᠲᠤᠨ ᠤ ᠵᠠᠰᠠᠭ ᠤᠨ ᠣᠷᠳᠣᠨ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠪᠠᠶᠢᠳᠠᠯ ᠢ ᠮᠠᠰᠢ | ᠴᠢᠬᠤᠯᠠᠴᠢᠯᠠᠨ ᠦᠵᠡᠵᠦ᠂ ᠠᠷᠠᠳ ᠤᠨ ᠳᠡᠭᠡᠳᠦ ᠰᠢᠭᠦᠬᠦ ᠬᠤᠷᠢᠶ᠎ᠠ 2020 ᠣᠨ ᠤ 6 ᠰᠠᠷ᠎ᠠ ᠳᠤ ︽ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ | ᠠᠰᠠᠭᠤᠳᠠᠯ ᠤᠳ ᠤᠨ ᠲᠤᠬᠠᠢ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠣᠭᠲᠠᠭᠠᠯ︾ ᠢ ᠨᠡᠶᠢᠲᠡᠯᠡᠪᠡ᠂ ᠮᠠᠨ ᠤ | ᠬᠤᠳᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ | ᠬᠦᠯᠢᠶᠡᠬᠦ ᠠᠵᠢᠯ ᠳᠤ ᠶᠠᠮᠠᠷ ᠶᠠᠮᠠᠷ ᠲᠤᠷᠰᠢᠯᠭ᠎ᠠ ᠪᠠᠶᠢᠬᠤ ᠪᠤᠢ︖ | ᠯᠢ ᠰᠢᠶᠠᠨ᠄ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠰᠠᠶᠢᠲᠤᠷ ᠬᠢᠵᠦ᠂ ᠵᠠᠰᠠᠭ ᠵᠠᠬᠢᠷᠭᠠᠨ ᠤ | ᠮᠠᠷᠭᠤᠯᠳᠤᠭᠠᠨ ᠢ ᠮᠥᠨ ᠴᠢᠨᠠᠷ ᠤᠨ ᠲᠠᠯ᠎ᠠ ᠪᠠᠷ ᠰᠢᠢᠳᠪᠦᠷᠢᠯᠡᠬᠦ ᠶᠢ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠬᠤ ᠶᠢᠨ ᠲᠥᠯᠥᠭᠡ᠂ ᠪᠢᠳᠡ ︽ᠵᠠᠭᠠᠯᠳᠤᠬᠤ ᠠᠴᠠ ᠡᠮᠦᠨ᠎ᠡ | ᠳᠦᠷᠢᠮ ᠲᠣᠭᠲᠠᠭᠠᠯ ᠲᠣᠭᠲᠠᠭᠠᠵᠤ᠂ ᠵᠠᠭᠠᠯᠳᠤᠭᠰᠠᠨ ᠤ ᠲᠠᠷᠠᠭ᠎ᠠ ᠬᠢᠨᠠᠯᠲᠠ ᠲᠠᠯᠪᠢᠵᠤ ᠵᠠᠳᠠᠯᠬᠤ︾ ᠡᠨᠡ ᠬᠤᠶᠠᠷ | ᠵᠠᠮ ᠤᠨ ᠲᠣᠭᠤᠷᠢᠨ ᠳᠤ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠠᠷᠭᠤ ᠬᠦᠯᠢᠶᠡᠬᠦ ᠴᠢᠳᠠᠪᠤᠷᠢ ᠪᠠ ᠬᠢᠷᠢ ᠬᠡᠮᠵᠢᠶ᠎ᠡ ᠶᠢ ᠲᠠᠰᠤᠷᠠᠯᠳᠠ ᠦᠭᠡᠢ | ᠳᠡᠭᠡᠭᠰᠢᠯᠡᠭᠦᠯᠪᠡ᠃ | ᠬᠥᠲᠥᠯᠥᠭᠴᠢ᠄ ︽ᠵᠠᠭᠠᠯᠳᠤᠬᠤ ᠠᠴᠠ ᠡᠮᠦᠨ᠎ᠡ ᠳᠦᠷᠢᠮ ᠲᠣᠭᠲᠠᠭᠠᠯ ᠲᠣᠭᠲᠠᠭᠠᠵᠤ᠂ ᠵᠠᠭᠠᠯᠳᠤᠭᠰᠠᠨ ᠤ | ᠲᠠᠷᠠᠭ᠎ᠠ ᠬᠢᠨᠠᠯᠲᠠ ᠲᠠᠯᠪᠢᠵᠤ ᠵᠠᠳᠠᠯᠬᠤ︾ ᠶᠢ ᠪᠣᠳᠠᠲᠠᠢ ᠪᠠᠷ ᠬᠡᠷᠬᠢᠨ ᠬᠡᠷᠡᠭᠵᠢᠭᠦᠯᠦᠭᠡᠳ ᠶᠠᠮᠠᠷ ᠦᠷ᠎ᠡ ᠪᠦᠲᠦᠮᠵᠢ | ᠣᠯᠣᠭᠰᠠᠨ ᠪᠤᠢ︖ | ᠯᠢ ᠰᠢᠶᠠᠨ᠄ ᠵᠠᠷᠭᠤᠯᠳᠤᠬᠤ ᠠᠴᠠ ᠡᠮᠦᠨ᠎ᠡ ᠪᠢᠳᠡ ᠵᠠᠰᠠᠭ ᠵᠠᠬᠢᠷᠭᠠᠨ ᠤ ᠵᠠᠷᠭᠤ ᠬᠦᠯᠢᠶᠡᠬᠦ ᠤᠷᠳᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠬᠦᠴᠦᠯᠡᠨ ᠪᠠᠶᠢᠭᠤᠯᠬᠤ ᠠᠴᠠ ᠭᠠᠷᠳᠠᠨ᠂ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠵᠠᠷᠭᠤ ᠬᠦᠯᠢᠶᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠠᠰᠤᠷᠠᠯᠳᠠ ᠦᠭᠡᠢ | ᠪᠣᠳᠠᠲᠠᠶᠢᠵᠢᠭᠤᠯᠪᠠ᠃ ᠨᠢᠭᠡ ᠳᠤ ᠠᠵᠢᠯ ᠤᠨ ᠲᠣᠭᠲᠠᠴᠠ ᠶᠢ ᠢᠳᠡᠪᠬᠢᠲᠡᠢ ᠪᠠᠶᠢᠭᠤᠯᠤᠨ᠎ᠠ᠃ ᠬᠤᠲᠠ ᠶᠢᠨ | ᠵᠠᠰᠠᠭ ᠤᠨ ᠣᠷᠳᠣᠨ ᠠᠴᠠ ᠠᠯᠢ ᠤᠯᠠᠨ ᠠᠵᠢᠯ ᠤᠨ ᠳᠦᠷᠢᠮ ᠢ ᠨᠡᠶᠢᠲᠡᠯᠡᠵᠦ᠂ ᠡᠯ᠎ᠡ ᠱᠠᠲᠤᠨ ᠤ ᠵᠠᠰᠠᠭ ᠵᠠᠬᠢᠷᠭᠠᠨ ᠤ | ᠪᠠᠶᠢᠭᠤᠯᠭ᠎ᠠ ᠶᠢ ᠵᠠᠰᠠᠭ ᠵᠠᠬᠢᠷᠭᠠᠨ ᠤ ᠵᠠᠷᠭᠤ ᠬᠦᠯᠢᠶᠡᠬᠦ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ | ᠭᠦᠢᠴᠡᠳᠬᠡᠵᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠴᠢᠯᠦᠭᠡ ᠭᠤᠶᠤᠵᠤ ᠮᠡᠳᠡᠭᠦᠯᠦᠨ ᠳᠠᠩᠰᠠᠯᠠᠭᠤᠯᠬᠤ | ᠳᠦᠷᠢᠮ ᠢ ᠴᠢᠩᠭ᠎ᠠ ᠬᠡᠷᠡᠭᠵᠢᠭᠦᠯᠵᠦ᠂ ︽ᠭᠠᠷᠭᠠᠬᠤ ᠶᠣᠰᠣᠲᠠᠢ ᠶᠢ ᠨᠢ ᠴᠥᠮ ᠭᠠᠷᠭᠠᠬᠤ︾ ᠵᠠᠷᠴᠢᠮ ᠢ ᠪᠠᠷᠢᠮᠲᠠᠯᠠᠵᠤ | ᠂ ᠵᠦᠢ ᠶᠣᠰᠣᠨ ᠤ ᠰᠢᠯᠲᠠᠭᠠᠨ ᠦᠭᠡᠢ ᠪᠠᠷ ᠰᠢᠭᠦᠯᠲᠡ ᠳᠤ ᠣᠷᠣᠯᠴᠠᠭᠰᠠᠨ ᠦᠭᠡᠢ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ | ᠭᠡᠵᠦ ᠱᠠᠭᠠᠷᠳᠠᠪᠠ᠃ ᠬᠤᠶᠠᠷ ᠲᠤ᠂ ᠣᠯᠣᠯᠴᠠᠭ᠎ᠠ ᠵᠣᠬᠢᠴᠠᠭᠤᠯᠭ᠎ᠠ ᠪᠠᠨ ᠲᠠᠰᠤᠷᠠᠯᠳᠡ ᠦᠭᠡᠢ ᠴᠢᠩᠭᠠᠳᠬᠠᠨ᠎ᠠ᠃ | ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ ᠪᠣᠯᠣᠨ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ | ᠬᠤᠷᠢᠶ᠎ᠠ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠵᠠᠰᠠᠭ ᠵᠠᠬᠢᠷᠭᠠᠨ ᠤ ᠵᠠᠷᠭᠤ | ᠬᠦᠯᠢᠶᠡᠬᠦ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠪᠠ᠃ ᠭᠠᠷᠠᠭ ᠪᠦᠷᠢ ᠬᠤᠳᠠ ᠶᠢᠨ | ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠲᠢᠩᠬᠢᠮ ᠨᠡᠭᠡᠭᠡᠵᠦ ᠰᠢᠭᠦᠬᠦ ᠪᠠᠷ ᠪᠠᠶᠢᠭ᠎ᠠ ᠵᠠᠰᠠᠭ ᠵᠠᠬᠢᠷᠭᠠᠨ ᠤ | ᠬᠡᠷᠡᠭ ᠤᠨ ᠪᠦᠷᠢᠳᠬᠡᠯ ᠤᠨ ᠲᠣᠳᠣᠷᠬᠠᠢ ᠬᠠᠭᠤᠳᠠᠰᠤ ᠶᠢ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ ᠳᠤ | ᠬᠦᠷᠭᠡᠵᠦ ᠥᠭᠭᠦᠭᠰᠡᠨ ᠤ ᠲᠠᠷᠠᠭ᠎ᠠ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠴᠠ ᠲᠤᠰᠬᠠᠢ ᠠᠵᠢᠯᠲᠠᠨ | ᠲᠣᠬᠢᠷᠠᠭᠤᠯᠵᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠴᠢᠬᠤᠯᠠᠲᠠᠢ ᠵᠠᠰᠠᠭ ᠵᠠᠬᠢᠷᠭᠠᠨ ᠤ ᠪᠠᠶᠢᠭᠤᠯᠭ᠎ᠠ ᠶᠢ | ᠰᠠᠨᠠᠭᠤᠯᠬᠤ ᠪᠠ ᠰᠢᠪᠠᠳᠠᠨ᠎ᠠ᠃ 2020 ᠣᠨ ᠤ 10 ᠰᠠᠷ᠎ᠠ ᠠᠴᠠ 2022 ᠣᠨ ᠤ 8 ᠰᠠᠷ᠎ᠠ ᠶᠢᠨ ᠰᠡᠭᠦᠯᠴᠢ | ᠪᠣᠯᠲᠠᠯ᠎ᠠ᠂ ᠨᠡᠶᠢᠳᠡ 264 ᠬᠤᠪᠢ ︽ᠰᠠᠨᠠᠭᠤᠯᠤᠮᠵᠢ ᠶᠢᠨ ᠵᠠᠬᠢᠳᠠᠯ︾ ᠢ ᠲᠠᠷᠬᠠᠭᠠᠵᠤ᠂ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠠᠨᠠᠭᠠᠴᠢᠯᠠᠭ᠎ᠠ ᠠᠴᠠ ᠪᠠᠨ ᠵᠠᠷᠭᠤ ᠬᠦᠯᠢᠶᠡᠵᠦ ᠪᠠᠶᠢᠭᠰᠠᠨ ᠠᠴᠠ ᠪᠠᠨ | ᠰᠠᠨᠠᠭᠠᠴᠢᠯᠠᠭ᠎ᠠ ᠠᠴᠠ ᠪᠠᠨ ᠰᠢᠭᠦᠯᠲᠡ ᠳᠤ ᠣᠷᠤᠯᠴᠠᠬᠤ ᠲᠡᠶᠢᠰᠢ ᠬᠤᠪᠢᠷᠠᠬᠤ᠂ ᠡ᠊ᠩ ᠤᠨ ᠴᠢᠨᠠᠷᠲᠠᠢ ᠠᠰᠠᠭᠤᠵᠤ | ᠯᠠᠪᠯᠠᠬᠤ ᠬᠡᠷᠡᠭ ᠠᠴᠠ ᠪᠡᠶ᠎ᠡ ᠪᠠᠷ ᠢᠶᠠᠨ ᠰᠢᠭᠦᠯᠲᠡ ᠳᠤ ᠣᠷᠣᠯᠴᠠᠵᠤ ᠵᠠᠰᠠᠭ ᠵᠠᠬᠢᠷᠭᠠᠨ ᠤ ᠮᠠᠷᠭᠤᠯᠳᠤᠭᠠᠨ ᠢ | ᠰᠢᠢᠳᠪᠦᠷᠢᠯᠡᠬᠦ ᠳᠤ ᠣᠷᠤᠯᠴᠠᠬᠤ ᠲᠡᠶᠢᠰᠢ ᠬᠤᠪᠢᠷᠠᠬᠤ ᠶᠢ ᠲᠦᠯᠬᠢᠨ ᠠᠬᠢᠭᠤᠯᠪᠠ᠃ ᠭᠤᠷᠪᠠ ᠳᠤ᠂ ᠬᠠᠤᠯᠢ | ᠴᠠᠭᠠᠵᠠ ᠶᠢᠨ ᠵᠥᠪᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠡᠯ᠎ᠡ ᠱᠠᠲᠤᠨ ᠤ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠲᠤᠰᠬᠠᠢ ᠮᠡᠷᠭᠡᠵᠢᠯᠲᠡᠨ ᠪᠠ ᠬᠠᠤᠯᠢᠴᠢ ᠶᠢ ᠡᠯᠰᠡᠨ ᠬᠠᠤᠯᠢ ᠴᠠᠭᠠᠵᠠ ᠶᠢᠨ ᠵᠥᠪᠯᠡᠭᠴᠢ | ᠪᠣᠯᠭᠠᠬᠤ ᠶᠢ ᠵᠣᠷᠢᠭᠵᠢᠭᠤᠯᠵᠤ᠂ ᠬᠡᠷᠡᠭ ᠤᠨ ᠲᠤᠭ᠎ᠠ ᠬᠡᠮᠵᠢᠶ᠎ᠡ ᠪᠠᠷ ᠨᠡᠯᠢᠶᠡᠳ ᠣᠯᠠᠨ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠨᠡᠶᠢᠭᠡᠮ ᠤᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠤᠯᠢᠴᠢ | ᠵᠡᠷᠭᠡ ᠲᠤᠰᠬᠠᠢ ᠮᠡᠷᠭᠡᠵᠢᠯ ᠤᠨ ᠠᠵᠢᠯᠲᠠᠨ ᠢ ᠤᠷᠢᠵᠤ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠳᠤ | ᠣᠷᠣᠯᠴᠠᠭᠤᠯᠤᠨ᠎ᠠ᠃ | ᠳᠦᠷᠢᠮ ᠲᠣᠭᠲᠠᠭᠠᠯ ᠲᠣᠭᠲᠠᠭᠠᠬᠤ᠂ ᠵᠠᠰᠠᠭ ᠤᠨ ᠣᠷᠳᠣᠨ ᠪᠣᠯᠣᠨ ᠰᠢᠭᠦᠬᠦ ᠬᠤᠷᠢᠶ᠎ᠠ ᠬᠠᠮᠲᠤᠷᠠᠨ | ᠬᠥᠳᠡᠯᠦᠯᠴᠡᠬᠦ᠂ ᠬᠢᠨᠠᠯᠲᠠ ᠲᠠᠯᠪᠢᠬᠤ ᠪᠠᠨ ᠴᠢᠩᠭᠠᠳᠬᠠᠬᠤ᠂ ᠵᠠᠳᠠᠯᠤᠨ ᠰᠤᠳᠤᠯᠵᠤ ᠮᠠᠭᠠᠳᠯᠠᠬᠤ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ | ᠵᠠᠷᠭᠤ ᠬᠦᠯᠢᠶᠡᠬᠦ ᠶᠢ ᠠᠰᠠᠭᠤᠳᠠᠯ ᠢ ᠢᠯᠡᠷᠡᠭᠦᠯᠬᠦ᠂ ᠳᠤᠲᠠᠭᠤᠳᠠᠯ ᠢ ᠢᠯᠡᠷᠡᠭᠦᠯᠬᠦ ᠴᠢᠬᠤᠯᠠ ᠴᠣᠩᠬᠤ ᠪᠣᠯᠭᠠᠬᠤ | ᠬᠡᠷᠡᠭᠲᠡᠢ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠢ ᠴᠢᠩᠭ᠎ᠠ ᠵᠢᠷᠤᠮᠵᠢᠭᠤᠨ | ᠪᠣᠯᠪᠠᠰᠤᠨ ᠢᠶᠠᠷ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠨᠤᠷᠮ᠎ᠠ ᠶᠢ 2020 ᠣᠨ ᠳᠤ ᠳᠤᠮᠳᠠᠴᠢ ᠪᠠᠷ | 42.36% ᠪᠠᠶᠢᠭᠰᠠᠨ ᠠᠴᠠ 2022 ᠣᠨ ᠳᠤ 100% ᠪᠣᠯᠲᠠᠯ᠎ᠠ ᠳᠡᠭᠡᠭᠰᠢᠯᠡᠭᠦᠯᠵᠦ᠂ ᠵᠠᠷᠭᠤ ᠢᠯᠠᠭᠳᠠᠭᠰᠠᠨ | ᠨᠤᠷᠮ᠎ᠠ ᠶᠢ 2020 ᠣᠨ ᠳᠤ ᠳᠤᠮᠳᠠᠴᠢ ᠪᠠᠷ 25.4% ᠪᠠ 2021 ᠣᠨ ᠳᠤ ᠳᠤᠮᠳᠠᠴᠢ ᠪᠠᠷ 15.6% | ᠪᠠᠶᠢᠭᠰᠠᠨ ᠠᠴᠠ 2022 ᠣᠨ ᠳᠤ ᠳᠤᠮᠳᠠᠴᠢ ᠪᠠᠷ 4.3% ᠪᠣᠯᠲᠠᠯ᠎ᠠ ᠪᠠᠭᠤᠷᠠᠭᠤᠯᠪᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |