| | 2 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠪᠣᠯᠣᠨ ᠳᠤᠮᠳᠠᠳᠤ | ᠤᠯᠤᠰ ᠤᠨ ᠭᠠᠳᠠᠭᠠᠳᠤ ᠳᠤ ᠬᠤᠯᠪᠣᠭᠳᠠᠬᠤ ᠰᠤᠷᠭᠠᠨ ᠬᠥᠮᠦᠵᠢᠯ ᠤᠨ ᠪᠦᠯᠦᠭᠯᠡᠯ ᠶᠠᠷᠢᠯᠴᠠᠬᠤ ᠬᠤᠷᠠᠯ ᠬᠢᠵᠦ᠂ | ᠬᠤᠶᠠᠷ ᠲᠠᠯ᠎ᠠ ᠪᠠᠷ ᠢᠶᠠᠨ ᠰᠤᠷᠭᠠᠨ ᠬᠥᠮᠦᠵᠢᠯ ᠤᠨ ᠦᠢᠯᠡᠰ ᠵᠢᠴᠢ ᠡᠷᠡᠭᠦᠯ ᠮᠡᠨᠳᠦ ᠶᠢ ᠬᠠᠮᠠᠭᠠᠯᠠᠬᠤ ᠠᠵᠤ | ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠤ | ᠵᠥᠪᠳᠡᠯᠴᠡᠪᠡ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ | ᠬᠤᠷᠢᠶᠠᠨ ᠤ ᠱᠦᠵᠢ ᠵᠠᠩ ᠶᠦᠩ ᠸᠧᠨ᠂ ᠳᠤᠮᠳᠠᠳᠤ ᠤᠯᠤᠰ ᠤᠨ ᠭᠠᠳᠠᠭᠠᠳᠤ ᠳᠤ ᠬᠤᠯᠪᠣᠭᠳᠠᠬᠤ ᠰᠤᠷᠭᠠᠨ | ᠬᠥᠮᠦᠵᠢᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶᠠᠨ ᠤ ᠲᠡᠷᠢᠭᠦᠯᠡᠭᠴᠢ ᠺᠠᠩ ᠵᠧᠩ ᠶᠠᠷᠢᠯᠴᠠᠬᠤ | ᠬᠤᠷᠠᠯ ᠳᠤ ᠣᠷᠣᠯᠴᠠᠪᠠ᠃ | ᠵᠠᠩ ᠶᠦᠩ ᠸᠧᠨ ᠺᠠᠩ ᠵᠧᠩ ᠲᠡᠷᠢᠭᠦᠯᠡᠭᠴᠢ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ | ᠪᠠᠶᠢᠬᠤ ᠪᠠᠨ ᠢᠯᠡᠳᠬᠡᠪᠡ᠃ ᠲᠡᠷᠡ᠂ ᠳᠤᠮᠳᠠᠳᠤ ᠤᠯᠤᠰ ᠤᠨ ᠭᠠᠳᠠᠭᠠᠳᠤ ᠳᠤ ᠬᠤᠯᠪᠣᠭᠳᠠᠬᠤ ᠰᠤᠷᠭᠠᠨ | ᠬᠥᠮᠦᠵᠢᠯ ᠤᠨ ᠪᠦᠯᠦᠭᠯᠡᠯ ᠨᠢ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠭᠠᠳᠠᠭᠠᠳᠤ ᠳᠤ ᠬᠤᠯᠪᠣᠭᠳᠠᠬᠤ ᠰᠤᠷᠭᠠᠨ | ᠬᠥᠮᠦᠵᠢᠯ᠂ ᠡᠷᠡᠭᠦᠯ ᠮᠡᠨᠳᠦ ᠶᠢ ᠬᠠᠮᠠᠭᠠᠯᠠᠬᠤ ᠠᠵᠤ ᠦᠢᠯᠡᠰ ᠵᠡᠷᠭᠡ ᠬᠦᠷᠢᠶᠡᠨ ᠳᠤ ᠨᠡᠯᠢᠶᠡᠳ ᠴᠢᠩᠭ᠎ᠠ | ᠴᠢᠳᠠᠪᠤᠷᠢᠲᠠᠨ ᠤ ᠳᠠᠪᠠᠭᠤᠯᠢᠭ ᠪᠠ ᠬᠠᠮᠢᠶᠠᠷᠤᠯᠲᠠ ᠶᠢᠨ ᠲᠤᠷᠰᠢᠯᠭ᠎ᠠ ᠲᠠᠢ ᠪᠠᠶᠢᠵᠤ᠂ ᠵᠢᠨᠢᠩ ᠲᠣᠭᠤᠷᠢᠭ ᠯᠤᠭ᠎ᠠ ᠮᠠᠰᠢ | ᠶᠡᠭᠡ ᠬᠠᠮᠲᠤᠷᠠᠯᠴᠠᠭᠠᠨ ᠤ ᠣᠷᠣᠨ ᠵᠠᠢ ᠲᠠᠢ ᠶᠤᠮ᠃ ᠬᠤᠶᠠᠷ ᠲᠠᠯ᠎ᠠ ᠪᠠᠷ ᠢᠶᠠᠨ ᠣᠯᠣᠯᠴᠠᠭ᠎ᠠ ᠵᠣᠯᠭᠠᠯᠴᠠᠭ᠎ᠠ ᠪᠠᠨ | ᠴᠢᠨᠠᠭᠰᠢᠳᠠ ᠴᠢᠩᠭᠠᠳᠬᠠᠵᠤ᠂ ᠡᠷᠲᠡᠬᠡᠨ ᠬᠠᠮᠲᠤᠷᠠᠯᠴᠠᠭᠠᠨ ᠤ ᠰᠠᠨᠠᠮᠵᠢ ᠲᠠᠢ ᠪᠣᠯᠵᠤ᠂ ᠲᠦᠷᠦᠯ ᠵᠦᠢᠯ ᠤᠨ ᠡᠷᠲᠡᠬᠡᠨ | ᠨᠠᠶᠢᠳᠠᠪᠤᠷᠢᠵᠢᠭᠤᠯᠤᠭᠳᠠᠵᠤ ᠦᠷ᠎ᠡ ᠪᠦᠲᠦᠮᠵᠢ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ | ᠭᠠᠷᠭᠠᠪᠠ᠃ | ᠺᠠᠩ ᠵᠧᠩ ᠵᠢᠨᠢᠩ ᠲᠣᠭᠤᠷᠢᠭ ᠲᠤ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠭᠰᠠᠨ ᠰᠠᠶᠢᠨ ᠰᠠᠶᠢᠬᠠᠨ | ᠰᠠᠭᠤᠭᠳᠠᠯ ᠢᠶᠠᠨ ᠢᠯᠡᠳᠬᠡᠭᠰᠡᠨ ᠪᠥᠭᠡᠳ ᠵᠢᠨᠢᠩ ᠲᠣᠭᠤᠷᠢᠭ ᠤᠨ ᠠᠵᠤ ᠠᠬᠤᠶᠢᠯᠠᠯ ᠤᠨ ᠠᠷᠠᠯᠵᠢᠶᠠᠴᠢᠨ ᠤᠷᠢᠵᠤ | ᠪᠡᠯᠡ ᠣᠷᠣᠭᠤᠯᠬᠤ ᠳᠤ ᠥᠭᠭᠦᠭᠰᠡᠨ ᠪᠦᠷᠢᠨ ᠭᠦᠢᠴᠡᠳ ᠦᠢᠯᠡᠴᠢᠯᠡᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ | ᠳᠤᠮᠳᠠᠳᠤ ᠤᠯᠤᠰ ᠤᠨ ᠭᠠᠳᠠᠭᠠᠳᠤ ᠳᠤ ᠬᠤᠯᠪᠣᠭᠳᠠᠬᠤ ᠰᠤᠷᠭᠠᠨ ᠬᠥᠮᠦᠵᠢᠯ ᠤᠨ ᠪᠦᠯᠦᠭᠯᠡᠯ ᠤᠨ ᠦᠨᠳᠦᠰᠦᠨ | ᠪᠠᠶᠢᠳᠠᠯ ᠢ ᠲᠣᠪᠴᠢ ᠲᠠᠨᠢᠯᠴᠠᠭᠤᠯᠤᠭᠰᠠᠨ ᠤ ᠳᠠᠷᠠᠭ᠎ᠠ ᠺᠠᠩ ᠵᠧᠩ ᠬᠡᠯᠡᠬᠦ ᠳᠡᠭᠡᠨ᠂ ᠡᠨᠡ ᠤᠳᠠᠭ᠎ᠠ ᠶᠢᠨ ᠪᠠᠶᠢᠴᠠᠭᠠᠨ | ᠰᠣᠯᠢᠯᠴᠠᠬᠤ ᠲᠣᠬᠢᠶᠠᠯ ᠢ ᠠᠰᠢᠭᠯᠠᠨ ᠵᠢᠨᠢᠩ ᠲᠣᠭᠤᠷᠢᠭ ᠤᠨ ᠲᠤᠬᠠᠢ ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂ | ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠡᠷᠡᠭᠦᠯᠵᠢᠯ | ᠰᠤᠪᠢᠯᠠᠯᠲᠠ ᠶᠢᠨ ᠠᠵᠤ ᠦᠢᠯᠡᠰ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠡᠷᠢᠯᠬᠢᠯᠡᠵᠦ᠂ ᠠᠵᠤ ᠠᠬᠤᠶᠢᠯᠠᠯ ᠤᠨ | ᠬᠥᠭᠵᠢᠯᠲᠡ ᠳᠤ ᠣᠷᠣᠨ ᠵᠠᠢ ᠶᠢ ᠥᠷᠭᠡᠳᠬᠡᠵᠦ ᠥᠭᠬᠦ ᠶᠢ ᠬᠦᠰᠡᠵᠦ ᠪᠠᠶᠢᠨ᠎ᠠ ᠭᠡᠵᠡᠢ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |