︽ᠬᠠᠪᠤᠷ ᠤᠨ ᠬᠤᠷ᠎ᠠ ᠶᠢᠨ ᠲᠥᠯᠥᠪᠯᠡᠭᠡ ︱ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ
ᠨᠡᠶᠢᠲᠡᠯᠡᠭᠰᠡᠨ ᠴᠠᠭ᠄
2023/2/27
    ᠱᠢ ᠵᠢᠢ ᠣᠷᠴᠢᠨ ᠲᠣᠭᠤᠷᠢᠨ ︽ᠬᠠᠪᠤᠷ ᠤᠨ ᠬᠤᠷ᠎ᠠ ᠶᠢᠨ ᠲᠥᠯᠥᠪᠯᠡᠭᠡ ︱ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ ᠥᠷᠨᠢᠭᠦᠯᠵᠦ᠂ ᠬᠠᠶᠢᠷ᠎ᠠ ᠬᠠᠯᠠᠮᠵᠢ ᠶᠢᠨ ᠪᠦᠯᠬᠦᠮ ᠤᠨ ᠬᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ 7000 ᠭᠠᠷᠤᠢ ᠲᠥᠭᠦᠷᠢᠭ ᠤᠨ ᠦᠷᠳᠡᠭ ᠪᠦᠬᠦᠢ ᠠᠮᠢᠳᠤᠷᠠᠯ ᠤᠨ ᠡᠳ᠋ ᠪᠣᠳᠠᠰ ᠬᠠᠨᠳᠢᠪᠯᠡᠪᠠ᠃     ᠠᠵᠢᠯᠯᠠᠭ᠎ᠠ ᠶᠢᠨ ᠳᠤᠮᠳᠠ᠂ ᠶᠢᠤ ᠪᠠᠩ ᠴᠢᠶᠠᠨ ᠱᠧᠩ ᠥᠪᠥᠷ ᠮᠣᠩᠭᠤᠯ ᠤᠨ ᠰᠢᠩ ᠿᠤ᠋ ᠪᠦᠯᠬᠦᠮ ᠤᠨ ᠭᠡᠰᠢᠭᠦᠳ ᠲᠣᠬᠤᠨᠢᠭᠤᠯᠬᠤ ᠪᠣᠳᠠᠰ ᠢᠶᠠᠨ ᠥᠪᠡᠷ ᠤᠨ ᠭᠠᠷ ᠢᠶᠠᠷ ᠢᠶᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠲᠤᠰᠢᠶᠠᠵᠤ᠂ ᠲᠡᠳᠡᠨ ᠳᠤ ᠰᠢᠷᠭᠠᠭᠤ ᠬᠠᠲᠠᠭᠤᠵᠢᠯᠲᠠᠢ ᠠᠵᠢᠯᠯᠠᠬᠤ ᠳᠤᠮᠳᠠ ᠪᠠᠨ ᠨᠡᠶᠢᠭᠡᠮ ᠤᠨ ᠶᠡᠭᠡ ᠭᠡᠷ ᠪᠦᠯᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠮᠡᠳᠡᠷᠡᠭᠦᠯᠪᠡ᠃ ᠠᠵᠢᠯᠯᠠᠭ᠎ᠠ ᠶᠢᠨ ᠡᠴᠦᠰ ᠲᠤ᠂ ᠤᠯᠠᠭᠠᠨᠴᠠᠪ ᠤᠨ ᠱᠢ ᠵᠢᠢ ᠣᠷᠴᠢᠨ  ᠳᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠧᠦ ᠪᠠᠩ ᠴᠢᠶᠠᠨ ᠱᠧᠩ ᠥᠪᠥᠷ ᠮᠣᠩᠭᠤᠯ ᠤᠨ ᠰᠢᠩ ᠿᠤ᠋ ᠪᠦᠯᠬᠦᠮ ᠳᠤ ᠲᠠᠯᠠᠷᠬᠠᠯ ᠤᠨ ᠬᠡᠮᠡᠷᠯᠢᠭ ᠲᠤᠭ ᠬᠦᠷᠭᠡᠪᠡ᠃                          ᠵᠣᠬᠢᠶᠠᠭᠴᠢ᠄ ᠪᠦᠦ ᠨᠠ                          ᠤᠷᠴᠢᠭᠤᠯᠤᠭᠴᠢ᠄ ᠬᠦᠰᠡᠯ                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2