2 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ | ᠵᠠᠬᠢᠳᠠᠯ ᠰᠣᠷᠪᠤᠯᠵᠢᠯᠠᠭ᠎ᠠ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠲᠠᠪᠤᠨ ᠶᠡᠭᠡ ᠡᠭᠦᠷᠭᠡ ᠶᠢᠨ 2023 ᠣᠨ ᠤ ᠭᠤᠣᠯᠳᠠᠯᠭ᠎ᠠ ᠲᠠᠢ ᠡᠭᠦᠷᠭᠡ ᠶᠢᠨ | ᠲᠣᠳᠣᠷᠬᠠᠢ ᠬᠠᠭᠤᠳᠠᠰᠤ ᠵᠡᠷᠭᠡ ᠪᠢᠴᠢᠭ ᠮᠠᠲ᠋ᠧᠷᠢᠶᠠᠯ ᠢ ᠬᠢᠨᠠᠨ ᠶᠠᠷᠢᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠣᠨ ᠤ ᠨᠠᠷᠢᠨ ᠲᠠᠩᠰᠠ ᠳᠤ ᠠᠩᠬᠠᠷᠤᠯ ᠢᠶᠠᠨ | ᠲᠥᠪᠯᠡᠷᠡᠭᠦᠯᠵᠦ᠂ ᠲᠣᠬᠢᠷᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠲᠠᠪᠤᠨ ᠶᠡᠭᠡ ᠡᠭᠦᠷᠭᠡ ᠶᠢ | ᠪᠡᠶᠡᠯᠡᠭᠦᠯᠵᠦ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠤᠷᠮᠠᠰᠢᠭᠤᠯᠤᠨ ᠵᠣᠷᠢᠭᠵᠢᠭᠤᠯᠬᠤ | ᠲᠣᠭᠲᠠᠴᠠ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠵᠦ᠂ ᠡᠭᠦᠷᠭᠡ ᠶᠢᠨ | ᠰᠠᠨᠠᠭᠠᠴᠢᠯᠠᠭ᠎ᠠ ᠠᠴᠠ ᠪᠠᠨ ᠠᠵᠢᠯᠯᠠᠬᠤ ᠶᠢ ᠴᠢᠩᠭ᠎ᠠ ᠠᠩᠬᠠᠷᠴᠤ᠂ ᠴᠢᠨᠠᠷ ᠰᠠᠶᠢᠲᠠᠢ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ ᠬᠡᠷᠡᠭᠲᠡᠢ᠃ ᠱᠠᠯᠠᠪᠳᠠᠭᠤᠯᠤᠨ | ᠪᠠᠶᠢᠴᠠᠭᠠᠵᠤ ᠬᠢᠨᠠᠨ ᠰᠢᠯᠭᠠᠬᠤ᠂ ᠪᠦᠷᠢᠳᠬᠡᠵᠦ ᠬᠢᠨᠠᠨ ᠬᠡᠮᠵᠢᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ | ᠲᠤᠯᠭᠠᠭᠤᠷᠢᠯᠠᠬᠤ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠬᠢ ᠡᠭᠦᠰᠦᠯ ᠠᠴᠠ ᠨᠢ | ᠵᠠᠰᠠᠬᠤ ᠶᠢ ᠲᠤᠪᠤᠶᠢᠯᠭᠠᠵᠦ᠂ ᠤᠯᠠᠨ ᠲᠦᠮᠡᠨ ᠤ ᠲᠤᠰᠬᠠᠭᠰᠠᠨ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ | ᠰᠢᠢᠳᠪᠦᠷᠢᠯᠡᠵᠦ᠂ ᠪᠦᠬᠦ ᠬᠤᠳᠠ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠦᠷᠭᠦᠯᠵᠢᠯᠡᠨ ᠰᠠᠶᠢᠵᠢᠷᠠᠬᠤ ᠶᠢ | ᠠᠬᠢᠭᠤᠯᠵᠤ᠂ ᠪᠦᠬᠦ ᠤᠯᠤᠰ ᠤᠨ ︽ᠬᠤᠶᠠᠷ ᠬᠤᠷᠠᠯ︾ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ | ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ᠃ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠬᠢᠴᠠ ᠶᠢ | ᠲᠦᠷᠭᠡᠳᠬᠡᠨ ᠠᠬᠢᠭᠤᠯᠵᠤ᠂ ᠲᠣᠭᠲᠠᠭᠰᠠᠨ ᠴᠠᠭ ᠲᠠᠭᠠᠨ ᠴᠢᠨᠠᠷ ᠢ ᠪᠠᠲᠤᠯᠠᠨ᠂ ᠤᠷᠳᠤ ᠬᠤᠭᠤᠴᠠᠭᠠᠨ ᠤ | ᠪᠦᠲᠦᠮᠵᠢᠲᠡᠢ ᠪᠠᠶᠢᠩᠭᠤ ᠶᠢᠨ ᠲᠣᠭᠲᠠᠴᠠ ᠶᠢ ᠪᠦᠷᠢᠨᠰᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯ ᠤᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠢ | ᠳᠡᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ | ᠵᠣᠯᠭᠠᠭᠤᠯᠵᠤ᠂ ᠣᠯᠠᠨ ᠲᠠᠯ᠎ᠠ ᠪᠠᠷ ᠬᠦᠴᠦ ᠪᠠᠨ ᠬᠠᠮᠲᠤᠳᠬᠠᠨ ᠠᠵᠢᠯ ᠣᠯᠭᠤᠯᠲᠠ ᠶᠢᠨ ᠲᠣᠭᠲᠠᠭᠤᠨ ᠪᠠᠶᠢᠳᠠᠯ ᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ | |