︽ᠤᠯᠠᠭᠠᠨᠴᠠᠪ ᠬᠤᠲᠠ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯᠯᠠᠭᠠᠨ ᠤ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/2/27
    ᠨᠢᠭᠡ᠂ ᠨᠣᠣᠷᠠᠭᠯᠠᠭᠰᠠᠨ ᠠᠬᠤᠢ ᠪᠠᠶᠢᠳᠠᠯ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ︽ᠳᠥᠷᠪᠡᠨ ᠬᠤᠪᠢᠰᠬᠠᠯ᠂ ᠨᠢᠭᠡ ᠬᠠᠮᠲᠤᠷᠠᠯᠴᠠᠭ᠎ᠠ︾ ᠶᠢᠨ ᠡᠨᠧᠷᠭᠢ ᠶᠢᠨ ᠠᠮᠤᠷ ᠲᠦᠪᠰᠢᠨ ᠤ ᠰᠢᠨ᠎ᠡ ᠪᠠᠶᠢᠯᠳᠤᠬᠤ ᠪᠣᠳᠣᠯᠭ᠎ᠠ ᠶᠢ ᠭᠦᠨᠵᠡᠭᠡᠢ  ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ ᠬᠡᠷᠡᠯ ᠸᠣᠯᠲ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 19 ᠳ᠋ᠤᠭᠡᠷ ᠲᠣᠭᠠᠲᠤ︶ ᠢ ᠦᠨᠳᠦᠰᠦᠯᠡᠪᠡᠯ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ︽ᠤᠯᠠᠭᠠᠨᠴᠠᠪ ᠬᠤᠲᠠ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠠᠵᠢᠯᠯᠠᠭᠠᠨ ᠤ ᠲᠥᠰᠥᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠲᠤᠭᠤᠷᠪᠢᠭᠰᠠᠨ ᠪᠥᠭᠡᠳ ︽ᠲᠥᠰᠥᠯ︾ ᠤᠨ ᠲᠤᠬᠠᠢ 11 ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ ᠪᠦᠬᠦᠨ ᠢ ᠭᠥᠯᠢᠶᠡᠨ ᠠᠪᠴᠤ ᠲᠡᠭᠦᠯᠳᠡᠷᠵᠢᠭᠦᠯᠦᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠵᠢᠩᠬᠢᠨᠢ ᠪᠠᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃     ᠬᠤᠶᠠᠷ᠂ ᠭᠤᠣᠯ ᠠᠭᠤᠯᠭ᠎ᠠ     ︽ᠲᠥᠰᠥᠯ︾ ᠨᠢ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠭᠤᠣᠯ ᠬᠠᠷᠠᠯᠲᠠ᠂ ᠭᠤᠣᠯᠳᠠᠯᠭ᠎ᠠ ᠲᠠᠢ ᠡᠭᠦᠷᠭᠡ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠲᠠᠪᠤᠨ ᠬᠡᠰᠡᠭ ᠢᠶᠠᠷ ᠪᠦᠷᠢᠯᠳᠦᠵᠡᠢ᠃     ︵ᠨᠢᠭᠡ︶ ᠵᠢᠯᠤᠭᠤᠳᠬᠤ ᠦᠵᠡᠯ ᠰᠠᠨᠠᠭᠠᠨ ᠤ ᠬᠡᠰᠡᠭ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ︽ᠲᠦᠷᠪᠡᠨ ᠬᠤᠪᠢᠰᠬᠠᠯ᠂ ᠨᠢᠭᠡ ᠬᠠᠮᠲᠤᠷᠠᠯᠴᠠᠭ᠎ᠠ︾ ᠶᠢᠨ ᠡᠨᠧᠷᠭᠢ ᠶᠢᠨ ᠠᠮᠤᠷ ᠲᠦᠪᠰᠢᠨ ᠤ ᠰᠢᠨ᠎ᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠮᠢ ᠠᠬᠤᠢ ᠶᠢ ᠤᠷᠢᠳᠡᠪᠡᠷ ᠪᠤᠳᠤᠯᠬᠢᠯᠠᠬᠤ ᠂ ᠪᠣᠬᠢᠷᠳᠤᠯ ᠦᠭᠡᠢ ᠪᠠᠷ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠎ᠠ᠃     ︵ᠬᠤᠶᠠᠷ︶ ᠦᠨᠳᠦᠰᠦᠨ ᠵᠠᠷᠴᠢᠮ ᠤᠨ ᠬᠡᠰᠡᠭ᠃ ᠡᠭᠦᠨ ᠳᠤ ᠭᠤᠣᠯᠳᠠᠭᠤ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠰᠢᠯᠢᠳᠡᠭᠵᠢᠭᠦᠯᠦᠨ ᠬᠥᠭᠵᠢᠭᠦᠯᠬᠦ ᠶᠢ ᠪᠠᠷᠢᠮᠳᠠᠯᠠᠨ᠎ᠠ︔ ᠨᠢᠭᠡᠳᠦᠯᠲᠡᠢ ᠲᠥᠯᠥᠪᠵᠢᠭᠦᠯᠦᠨ ᠨᠡᠶᠢᠲᠡ  ᠳᠤᠨᠢ ᠬᠠᠷᠠᠭᠠᠯᠵᠠᠬᠤ᠂ ᠪᠣᠬᠢᠷᠳᠤᠯ ᠦᠭᠡᠢ ᠪᠠᠷ ᠬᠥᠭᠵᠢᠭᠦᠯᠬᠦ ᠶᠢ ᠪᠠᠷᠢᠮᠳᠠᠯᠠᠨ᠎ᠠ︔ ᠠᠵᠤ ᠦᠢᠯᠡᠰ ᠢ ᠥᠷᠭᠡᠳᠬᠡᠵᠦ᠂ ᠰᠢᠨ᠎ᠡ ᠶᠢ ᠡᠭᠦᠳᠦᠨ ᠬᠥᠭᠵᠢᠭᠦᠯᠬᠦ ᠶᠢ ᠪᠠᠷᠢᠮᠲᠠᠯᠠᠨ᠎ᠡ︔ ᠬᠥᠮᠥᠨ ᠢᠶᠠᠷ ᠦᠨᠳᠦᠰᠦ ᠪᠣᠯᠭᠠᠬᠤ᠂ ᠬᠥᠭᠵᠢᠯᠲᠡ ᠶᠢ ᠬᠠᠮᠲᠤ ᠪᠠᠷ ᠡᠳ᠋ᠯᠡᠬᠦ ᠲᠦᠷᠪᠡᠨ ᠵᠠᠷᠴᠢᠮ ᠢ ᠪᠠᠷᠢᠮᠲᠠᠯᠠᠨ᠎ᠠ᠃      ︵ᠭᠤᠷᠪᠠ︶ ᠭᠤᠣᠯ ᠬᠠᠷᠠᠯᠲᠠ ᠶᠢᠨ ᠬᠡᠰᠡᠭ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠳᠤᠮᠳᠠᠴᠢ ᠦᠶ᠎ᠡ ᠪᠣᠯᠬᠤ ᠳᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ 1500 ᠲᠦᠮᠡᠨ ᠺᠢᠯᠣᠸᠠᠲ ᠣᠷᠴᠢᠮ ᠳᠤ ᠬᠦᠷᠭᠡᠵᠦ᠂ ᠴᠠᠬᠢᠯᠭᠠᠨ ᠬᠢᠮᠢ ᠶᠢᠨ ᠡᠨᠧᠷᠭᠢ ᠬᠠᠳᠠᠭᠠᠯᠠᠬᠤ ᠮᠠᠰᠢᠨ ᠴᠣᠭᠴᠠᠯᠠᠪᠤᠷᠢ ᠶᠢ 100 ᠲᠦᠮᠡᠨ ᠺᠢᠯᠣᠸᠠᠲ ᠠᠴᠠ ᠳᠠᠪᠠᠭᠤᠯᠤᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠰᠡᠭᠦᠯᠴᠢ ᠶᠢᠨ ᠬᠤᠭᠤᠴᠠᠭ᠎ᠠ ᠪᠣᠯᠬᠤ ᠳᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠦᠷᠭᠦᠯᠵᠢᠯᠡᠨ ᠪᠠᠷᠤᠭ 3000 ᠲᠦᠮᠡᠨ ᠺᠢᠯᠣᠸᠠᠲ ᠪᠣᠯᠲᠠᠯ᠎ᠠ ᠨᠡᠮᠡᠭᠳᠡᠭᠦᠯᠵᠦ᠂ ᠴᠠᠬᠢᠯᠭᠠᠨ ᠭᠠᠷᠭᠠᠬᠤ ᠬᠡᠮᠵᠢᠶ᠎ᠡ ᠶᠢᠨ ᠡᠵᠡᠯᠡᠬᠦ ᠬᠠᠷᠢᠴᠠᠯ ᠢ 50% ᠠᠴᠠ ᠳᠠᠪᠠᠭᠤᠯᠵᠤ᠂ ᠴᠠᠬᠢᠯᠭᠠᠨ ᠬᠢᠮᠢ ᠶᠢᠨ ᠡᠨᠧᠷᠭᠢ ᠬᠠᠳᠠᠭᠠᠯᠠᠬᠤ ᠮᠠᠰᠢᠨ ᠴᠣᠭᠴᠠᠯᠠᠪᠤᠷᠢ ᠶᠢ 300 ᠲᠦᠮᠡᠨ ᠺᠢᠯᠣᠸᠠᠲ ᠲᠤ ᠬᠦᠷᠭᠡᠨ᠎ᠡ ᠭᠡᠵᠦ ᠳᠤᠷᠠᠳᠪᠠ᠃     ︵ᠳᠥᠷᠪᠡ︶ ᠭᠤᠣᠯᠳᠠᠯᠭ᠎ᠠ ᠲᠠᠢ ᠡᠭᠦᠷᠭᠡ ᠶᠢᠨ ᠬᠡᠰᠡᠭ᠃ ᠡᠭᠦᠨ ᠳᠤ 5 ᠠᠵᠢᠯᠯᠠᠭ᠎ᠠ ᠶᠢᠨ 18 ᠵᠦᠢᠯ ᠤᠨ ᠭᠤᠣᠯᠳᠠᠯᠭ᠎ᠠ ᠲᠠᠢ ᠠᠵᠢᠯ ᠪᠠᠭᠲᠠᠨ᠎ᠠ᠃ ᠨᠢᠭᠡ ᠳᠤ ᠡᠬᠢ ᠪᠠᠶᠠᠯᠢᠭ ᠤᠨ ᠪᠠᠶᠢᠳᠠᠯ ᠢ ᠣᠶᠢᠯᠠᠭᠠᠬᠤ ᠨᠡᠶᠢᠳᠡᠮ ᠪᠠᠶᠢᠴᠠᠭᠠᠯᠲᠠ ᠶᠢᠨ ᠠᠵᠢᠯᠯᠠᠭ᠎ᠠ᠂ ᠡᠭᠦᠨ ᠳᠤ ᠡᠬᠢ ᠪᠠᠶᠠᠯᠢᠭ ᠤᠨ ᠪᠠᠶᠢᠳᠠᠯ ᠢ ᠣᠶᠢᠯᠠᠭᠠᠬᠤ ᠵᠡᠷᠭᠡ 2 ᠵᠦᠢᠯ ᠤᠨ ᠠᠵᠢᠯ ᠪᠠᠭᠲᠠᠨ᠎ᠠ᠃ ᠬᠤᠶᠠᠷ ᠲᠤ ᠬᠡᠷᠡᠭᠯᠡᠭᠡᠨ ᠤ ᠲᠠᠯᠠᠪᠠᠶ ᠶᠢ ᠥᠷᠭᠡᠳᠬᠡᠬᠦ ᠠᠵᠢᠯᠯᠠᠭ᠎ᠠ ᠪᠣᠯᠣᠨ᠎ᠠ᠂ ᠡᠭᠦᠨ ᠳᠤ 4 ᠵᠦᠢᠯ ᠤᠨ ᠠᠵᠢᠯ ᠪᠠᠭᠲᠠᠨ᠎ᠠ᠃ ᠭᠤᠷᠪᠠ ᠳᠤ ᠠᠵᠤ ᠦᠢᠯᠡᠰ ᠤᠨ ᠬᠡᠯᠬᠢᠶ᠎ᠡ ᠶᠢ ᠳᠡᠭᠡᠭᠰᠢᠯᠡᠭᠦᠯᠬᠦ ᠠᠵᠢᠯᠯᠠᠭ᠎ᠠ᠂ ᠡᠭᠦᠨ ᠳᠤ 5 ᠵᠦᠢᠯ ᠤᠨ ᠠᠵᠢᠯ ᠪᠠᠭᠲᠠᠨ᠎ᠠ᠃ ᠳᠥᠷᠪᠡ ᠳᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ᠂ ᠡᠭᠦᠨ ᠳᠤ 3 ᠵᠦᠢᠯ ᠤᠨ ᠠᠵᠢᠯ ᠪᠠᠭᠲᠠᠨ᠎ᠠ᠃ ᠲᠠᠪᠤ ᠳᠤ ᠦᠢᠯᠡᠴᠢᠯᠡᠭᠡᠨ ᠤ ᠪᠠᠲᠤᠯᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ᠂ ᠡᠭᠦᠨ ᠳᠤ 4 ᠵᠦᠢᠯ ᠤᠨ ᠠᠵᠢᠯ ᠪᠠᠭᠲᠠᠨ᠎ᠠ᠃     ︵ᠲᠠᠪᠤ︶ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠬᠡᠰᠡᠭ᠃ ᠰᠢᠨ᠎ᠡ ᠡᠨᠧᠷᠭᠢ ᠶᠢᠨ ᠬᠥᠭᠵᠢᠯᠲᠡ ᠶᠢ ᠠᠬᠢᠭᠤᠯᠬᠤ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠬᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠦᠷᠪᠡᠨ ᠲᠠᠯ᠎ᠠ ᠠᠴᠠ ᠨᠠᠶᠢᠳᠠᠪᠤᠷᠢᠵᠢᠭᠤᠯᠬᠤ ᠶᠢ ᠪᠠᠲᠤᠯᠠᠬᠤ ᠶᠢ ᠲᠣᠳᠣᠷᠬᠠᠢ ᠪᠣᠯᠭᠠᠪᠠ᠃     ᠭᠤᠷᠪᠠ᠂ ᠴᠢᠬᠤᠯᠠ ᠠᠴᠢ ᠬᠤᠯᠪᠣᠭᠳᠠᠯ     ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠢᠯᠡᠷᠡᠯ ᠪᠣᠯᠣᠨ᠎ᠠ᠃ ︽ᠲᠥᠰᠥᠯ︾ ᠢ ᠲᠣᠭᠲᠠᠭᠠᠵᠤ ᠨᠡᠶᠢᠲᠡᠯᠡᠭᠰᠡᠨ ᠨᠢ ᠮᠠᠨ ᠤ ᠬᠤᠲᠠ ᠶᠢᠨ ᠥᠩᠭᠡ ᠦᠵᠡᠮᠵᠢ ᠪᠠᠷ ᠴᠠᠬᠢᠯᠭᠠᠨ ᠭᠠᠷᠭᠠᠬᠤ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠵᠦ᠂ ᠠᠵᠤ ᠦᠢᠯᠡᠰ ᠤᠨ ᠬᠡᠯᠬᠢᠶ᠎ᠡ ᠪᠣᠯᠣᠨ ᠵᠠᠬ᠎ᠠ ᠳᠡᠯᠭᠡᠭᠦᠷ ᠤᠨ ᠬᠡᠯᠬᠢᠶ᠎ᠡ ᠶᠢᠨ ᠪᠦᠲᠦᠮᠵᠢᠲᠡᠶ ᠵᠣᠯᠭᠠᠯᠳᠤᠯ ᠢ ᠠᠬᠢᠭᠤᠯᠵᠤ᠂ ᠠᠷᠢᠭᠤᠨ ᠴᠡᠪᠡᠷ ᠡᠨᠧᠷᠭᠢ ᠪᠣᠯᠣᠨ ᠬᠤᠯᠪᠣᠭᠳᠠᠬᠤ ᠠᠵᠤ ᠦᠢᠯᠡᠰ ᠤᠨ ᠬᠠᠮᠵᠢᠯᠴᠠᠨ ᠬᠥᠭᠵᠢᠬᠦ  ᠶᠢ ᠪᠡᠶᠡᠯᠡᠭᠦᠯᠵᠦ᠂ ᠥᠩᠭᠡ ᠦᠵᠡᠮᠵᠢ ᠤᠰᠤᠲᠥ᠋ᠷᠥᠭᠴᠢ ᠨᠥᠭᠡᠴᠡᠯᠡᠬᠦ ᠠᠵᠤ ᠦᠢᠯᠡᠰ ᠤᠨ ᠰᠦᠷᠦᠭᠵᠢᠯ ᠢ ᠪᠠᠶᠢᠭᠤᠯᠬᠤ ᠶᠢᠨ ᠳᠣᠲᠣᠭᠠᠳᠤ ᠬᠡᠷᠡᠭᠴᠡᠭᠡ ᠪᠣᠯ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠲᠦᠷᠭᠡᠳᠬᠡᠬᠦ᠂ ᠡᠨᠧᠷᠭᠢ ᠶᠢᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠪᠥᠬᠦ ᠲᠠᠯ᠎ᠠ ᠪᠠᠷ ᠠᠬᠢᠭᠤᠯᠬᠤ᠂ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ ᠡᠨᠧᠷᠭᠢ ᠶᠢᠨ ᠰᠢᠰᠲ᠋ᠧᠮᠵᠢ ᠶᠢ ᠪᠠᠶᠢᠭᠤᠯᠬᠤ ᠠᠵᠢᠯᠯᠠᠭᠠᠨ ᠤ ᠵᠦᠭᠯᠡᠭᠦᠷ ᠪᠠᠶᠢᠵᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠨᠡᠭᠡᠭᠡᠨ ᠬᠥᠭᠵᠢᠭᠦᠯᠬᠦ ᠬᠢᠷᠢ ᠬᠡᠮᠵᠢᠶ᠎ᠡ ᠪᠠ ᠠᠰᠢᠭᠯᠠᠬᠤ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ᠂ ᠪᠤᠬᠢᠷᠳᠤᠯ ᠦᠬᠡᠢ ᠡᠨᠧᠷᠭᠢ ᠶᠢᠨ ᠤᠯᠠᠭᠠᠨᠴᠠᠪ ᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2