ᠴᠢ ᠹᠧᠢ ᠶᠦᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/2/28
   2 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠥᠩ ᠰᠢᠩ ᠠᠭᠤᠷᠬᠠᠢ ᠶᠢᠨ ᠦᠢᠯᠡᠰ᠂ ᠬᠦᠢᠲᠡᠨ ᠰᠢᠯᠢ ᠦᠵᠡᠮᠵᠢ ᠶᠢᠨ ᠣᠷᠣᠨ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠠᠮᠢᠶ᠎ᠠ ᠪᠦᠬᠦᠢ ᠠᠵᠢᠯ ᠢ ᠪᠠᠶᠢᠴᠠᠭᠠᠨ ᠰᠤᠳᠤᠯᠪᠠ᠃    ᠴᠢ ᠹᠧᠢ ᠶᠦᠨ᠂ ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ᠂ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠡᠯ᠎ᠡ ᠵᠦᠢᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠠᠮᠤᠷ ᠲᠦᠪᠰᠢᠨ ᠤ ᠬᠠᠮᠠᠭᠠᠯᠠᠯᠲᠠ ᠶᠢᠨ ᠬᠠᠰᠢᠯᠭ᠎ᠠ ᠶᠢ ᠪᠠᠲᠤ ᠪᠠᠶᠢᠭᠤᠯᠵᠤ᠂ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢ ᠲᠦᠷᠭᠡᠳᠬᠡᠵᠦ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠠᠬᠢᠭᠤᠯᠬᠤ ᠬᠡᠷᠡᠭᠲᠡᠢ᠃ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠲᠤᠪᠤᠶᠢᠯᠭᠠᠵᠦ᠂ ᠠᠭᠤᠰᠤᠯᠴᠠᠨ ᠬᠥᠭᠵᠢᠬᠦ ᠶᠢ ᠪᠠᠷᠢᠮᠲᠠᠯᠠᠵᠤ᠂ ᠬᠠᠮᠠᠭᠠᠯᠠᠬᠤ ᠳᠤᠮᠳᠠ ᠨᠡᠭᠡᠭᠡᠨ ᠬᠥᠭᠵᠢᠭᠦᠯᠵᠦ᠂ ᠨᠡᠭᠡᠭᠡᠨ ᠬᠥᠭᠵᠢᠭᠦᠯᠬᠦ ᠳᠤᠮᠳᠠ ᠬᠠᠮᠠᠭᠠᠯᠠᠵᠤ᠂ ᠵᠤᠭᠠᠴᠠᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠲᠣᠰᠬᠤᠨ ᠤ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠤ ᠦᠢᠯᠡᠰ ᠪᠣᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠲᠦᠷᠭᠡᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠶᠦᠨ ᠫᠧᠩ ᠭᠠᠩ᠂ ᠢᠦᠢ ᠬᠠᠢ ᠴᠧᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                 ᠣᠷᠴᠢᠭᠤᠯᠤᠭᠴᠢ᠄ ᠭᠤᠸ᠎ᠠ                                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2