ᠰᠦᠢ ᠸᠧᠢ ᠵᠢᠶᠦ᠋ᠨ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/2/28
    2 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠢ ᠸᠧᠢ ᠵᠢᠶᠦ᠋ᠨ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠵᠦ᠂ ᠬᠤᠯᠪᠣᠭᠳᠠᠯ ᠪᠦᠬᠦᠢ ᠠᠵᠤ ᠠᠬᠤᠶᠢᠯᠠᠯ ᠳᠤ ᠠᠶᠢᠯᠴᠢᠯᠠᠨ᠂ ᠤᠯᠠᠭᠠᠨᠴᠠᠪ ᠢ ᠤᠬᠠᠭᠤᠯᠤᠨ ᠲᠠᠨᠢᠯᠴᠠᠭᠤᠯᠵᠤ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠲᠥᠷᠥᠯ ᠵᠦᠢᠯ ᠤᠨ ᠭᠡᠷ᠎ᠡ ᠲᠣᠭᠲᠠᠨ ᠨᠠᠶᠢᠳᠠᠪᠤᠷᠢᠵᠢᠬᠤ ᠶᠢ ᠲᠦᠷᠭᠡᠳᠬᠡᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠢᠨ᠎ᠡ ᠰᠢᠪᠲᠤᠯᠤᠯᠲᠠ ᠪᠠᠷ ᠤᠯᠠᠭᠠᠨᠴᠠᠪ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠭᠴᠢ ᠡᠨᠧᠷᠭᠢ ᠶᠢ ᠨᠡᠮᠡᠷᠢᠯᠡᠪᠡ᠃     ᠰᠦᠢ ᠸᠧᠢ ᠵᠢᠶᠦ᠋ᠨ ᠨᠠᠷ ᠤᠷᠢᠳ ᠬᠤᠵᠢᠳ ᠪᠡᠭᠡᠵᠢᠩ ᠤᠨ ᠸᠠᠨ ᠱᠢ ᠸᠧᠢ ᠶᠧ᠂ ᠵᠢᠩ ᠳ᠋ᠦᠩ ᠹᠠᠩ ᠡᠨᠧᠷᠭᠢ ᠶᠢᠨ ᠰᠤᠷᠪᠤᠯᠵᠢ᠂  ᠱᠢ ᠵᠢᠢ ᠾᠦ ᠯᠢᠶᠠᠨ ᠵᠡᠷᠭᠡ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠵᠠᠬ᠎ᠠ ᠳᠡᠯᠭᠡᠭᠦᠷ ᠤᠨ ᠠᠯᠤᠰ ᠢᠷᠡᠭᠡᠳᠦᠢ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠠᠮᠲᠤᠷᠠᠯᠴᠠᠭᠠᠨ ᠤ ᠲᠦᠷᠦᠯ ᠵᠦᠢᠯ ᠤᠨ ᠲᠤᠬᠠᠢ ᠭᠦᠨᠵᠡᠭᠡᠢ ᠰᠣᠯᠢᠯᠴᠠᠭ᠎ᠠ ᠪᠠ ᠰᠦᠪᠡᠭᠴᠢᠯᠡᠯᠲᠡ ᠬᠢᠭᠰᠡᠨ ᠪᠥᠭᠡᠳ ᠬᠤᠯᠪᠣᠭᠳᠠᠯ ᠪᠦᠬᠦᠢ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠵᠠᠢ᠃     ᠰᠦᠢ ᠸᠧᠢ ᠵᠢᠶᠦ᠋ᠨ ᠤᠯᠠᠭᠠᠨᠴᠠᠪ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠤᠯᠠᠭᠠᠨᠴᠠᠪ ᠲᠤ ᠣᠷᠣᠨ ᠪᠠᠶᠢᠷᠢ ᠶᠢᠨ ᠳᠠᠪᠠᠭᠤᠯᠢᠭ᠂ ᠣᠷᠣᠨ ᠵᠠᠢ ᠶᠢᠨ ᠳᠠᠪᠠᠭᠤᠯᠢᠭ᠂ ᠲᠦᠷᠦ ᠶᠢᠨ ᠪᠣᠳᠣᠯᠭ᠎ᠠ ᠶᠢᠨ ᠳᠠᠪᠠᠭᠤᠯᠢᠭ᠂ ᠣᠷᠴᠢᠨ ᠲᠣᠭᠤᠷᠢᠨ ᠤ ᠳᠠᠪᠠᠭᠤᠯᠢᠭ ᠲᠠᠢ᠂ ᠤᠳᠤ ᠶᠠᠭ ᠲᠣᠭᠠᠴᠢᠯᠠᠭᠰᠠᠨ ᠠᠵᠤ ᠠᠬᠤᠢ᠂ ᠬᠦᠢᠰᠦ ᠠᠵᠤ ᠠᠬᠤᠢ᠂ ᠪᠣᠬᠢᠷᠳᠤᠯ ᠦᠭᠡᠢ ᠠᠵᠤ ᠠᠬᠤᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠯ ᠠᠵᠤ ᠠᠬᠤᠢ ᠪᠣᠯᠣᠨ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ ᠪᠠᠶᠢᠨ᠎ᠠ᠃ ᠠᠵᠤ ᠠᠬᠤᠶᠢᠯᠠᠯ ᠤᠨ ᠬᠢᠨ ᠤᠯᠠᠭᠠᠨᠴᠠᠪ ᠢ ᠰᠣᠩᠭᠤᠭᠰᠠᠨ ᠨᠢ ᠤᠯᠠᠭᠠᠨᠴᠠᠪ ᠢ ᠢᠲᠡᠭᠡᠵᠦ ᠪᠠᠶᠢᠬᠤ ᠪᠠᠷ ᠪᠠᠷᠠᠬᠤ ᠦᠭᠡᠢ᠂ ᠨᠠᠩ ᠴᠤ ᠤᠯᠠᠭᠠᠨᠴᠠᠪ ᠤᠨ ᠢᠷᠡᠭᠡᠳᠦᠢ ᠳᠤ ᠢᠲᠡᠭᠡᠯ ᠳᠦᠭᠦᠷᠡᠩ ᠪᠠᠶᠢᠨ᠎ᠠ ᠃ ᠤᠯᠠᠭᠠᠨᠴᠠᠪ ᠲᠦᠷᠦᠯ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠥᠳᠡᠯᠦᠯᠴᠡᠵᠦ᠂ ᠠᠵᠢᠯᠯᠠᠵᠤ᠂ ᠰᠡᠳᠬᠢᠬᠦᠢ ᠪᠠᠨ ᠴᠢᠩᠭᠠᠳᠬᠠᠵᠤ᠂ ᠲᠡᠷᠢᠭᠦᠨ ᠤ ᠣᠷᠴᠢᠨ ᠨᠦᠬᠦᠴᠡᠯ ᠢ ᠪᠤᠢ ᠪᠣᠯᠭᠠᠵᠤ᠂ ᠠᠵᠤ ᠠᠬᠤᠶᠢᠯᠠᠯ ᠢ ᠤᠯᠠᠭᠠᠨᠴᠠᠪ ᠲᠤ ᠰᠠᠨᠠᠭ᠎ᠠ ᠠᠮᠤᠷ ᠡᠵᠡᠩᠨᠡᠵᠦ᠂ ᠰᠠᠨᠠᠭ᠎ᠠ ᠠᠮᠤᠷ ᠪᠡᠯᠡ ᠣᠷᠣᠭᠤᠯᠵᠤ ᠂ ᠰᠡᠳᠬᠢᠯ ᠲᠠᠯᠪᠢᠨ ᠦᠢᠯᠡᠰ ᠪᠣᠰᠬᠠᠬᠤ ᠪᠣᠯᠭᠠᠨ᠎ᠠ᠃ ᠡᠭᠦᠨ ᠤ ᠬᠠᠮᠲᠤ᠂ ᠪᠢᠳᠡ ᠪᠠᠰᠠ ᠨᠠᠩ ᠣᠯᠠᠨ ᠠᠵᠤ ᠠᠬᠤᠶᠢᠯᠠᠯᠲᠠᠨ ᠤᠯᠠᠭᠠᠨᠴᠠᠪ ᠲᠤ ᠢᠷᠡᠵᠦ ᠰᠢᠨᠵᠢᠯᠡᠨ ᠪᠠᠶᠢᠴᠠᠭᠠᠵᠤ ᠵᠣᠯᠭᠠᠭᠤᠯᠤᠨ᠂ ᠪᠡᠯᠡ ᠣᠷᠣᠭᠤᠯᠤᠨ ᠦᠢᠯᠡᠰ ᠬᠥᠭᠵᠢᠭᠦᠯᠵᠦ᠂ ᠨᠠᠩ ᠣᠯᠠᠨ ᠨᠥᠯᠥᠭᠡᠯᠡᠬᠦ ᠴᠢᠨᠠᠷ ᠢᠶᠠᠷ ᠴᠢᠩᠭ᠎ᠠ᠂ ᠦᠰᠦᠨ ᠪᠣᠶᠢᠵᠢᠬᠤ ᠴᠢᠨᠠᠷ ᠢᠶᠠᠷ ᠰᠠᠶᠢᠨ ᠴᠢᠨᠠᠷ ᠰᠠᠶᠢᠲᠠᠢ ᠲᠥᠷᠥᠯ ᠵᠦᠢᠯ ᠢ ᠤᠯᠠᠭᠠᠨᠴᠠᠪ ᠲᠤ ᠲᠠᠨᠢᠯᠴᠠᠭᠤᠯᠤᠨ᠂ ᠤᠯᠠᠭᠠᠨᠴᠠᠪ ᠲᠤ ᠨᠤᠲᠤᠭᠰᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠵᠡᠢ᠃    ᠠᠵᠤ ᠠᠬᠤᠶᠢᠯᠠᠯᠲᠠᠳ ᠢᠯᠡᠷᠬᠡᠶᠢᠯᠡᠬᠦ ᠳᠡᠭᠡᠨ᠂ ᠤᠯᠠᠭᠠᠨᠴᠠᠪ ᠤᠨ ᠣᠷᠣᠨ ᠪᠠᠶᠢᠷᠢ ᠶᠢᠨ ᠨᠥᠬᠦᠴᠡᠯ ᠳᠠᠪᠠᠭᠤᠯᠢᠭ᠂ ᠡᠬᠢ ᠪᠠᠶᠠᠯᠢᠭ ᠤᠨ ᠡᠯᠧᠮᠧᠨ᠋ᠲ ᠡᠯᠪᠡᠭ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠰᠢᠯᠢᠳᠡᠭ ᠰᠠᠶᠢᠨ᠂ ᠬᠥᠭᠵᠢᠯᠲᠡ ᠶᠢᠨ ᠢᠷᠡᠭᠡᠳᠦᠢ ᠥᠷᠭᠡᠨ ᠠᠭᠤᠳᠠᠮ ᠪᠣᠯᠬᠤᠷ ᠲᠣᠰ ᠲᠣᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠠᠩ ᠶᠡᠭᠡ ᠬᠡᠪᠴᠢᠶ᠎ᠡ᠂ ᠨᠠᠩ ᠥᠷᠭᠡᠨ ᠬᠦᠷᠢᠶ᠎ᠡ᠂ ᠨᠠᠩ ᠭᠦᠨ ᠲᠠᠰ ᠳᠠᠪᠬᠤᠷᠭ᠎ᠠ ᠳᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠦᠨ᠎ᠡ ᠭᠡᠵᠡᠢ᠃     ᠯᠧᠢ ᠺᠦᠨ᠂ ᠯᠢᠦ ᠭᠦᠸᠧ ᠭᠠᠩ᠂ ᠼᠤᠤ ᡁᠢ᠂ ᠹᠠᠩ ᠽᠧ ᠣᠷᠣᠯᠴᠠᠵᠠᠢ᠃                                                    ᠣᠷᠴᠢᠭᠤᠯᠤᠭᠴᠢ᠄ ᠭᠤᠸ᠎ᠠ                                                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2