| ᠬᠠᠷᠢᠶᠠᠲᠤ ᠣᠷᠣᠨ ᠤ ᠨᠠᠰᠤᠲᠠᠶᠢᠴᠤᠳ ᠤᠨ ᠭᠠᠳᠠᠭᠰᠢ ᠭᠠᠷᠬᠤ ᠳᠤ ᠲᠥᠬᠦᠮ ᠦᠵᠡᠭᠦᠯᠵᠦ᠂ ᠠᠷᠠᠳ ᠲᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ | ᠤᠯᠠᠭᠠᠨᠴᠠᠪ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ ᠨᠢ ᠵᠢᠨᠢᠩ ᠲᠣᠭᠤᠷᠢᠭ ᠤᠨ ᠡᠯ᠎ᠡ ᠰᠢᠶᠠᠩ | ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ︽ᠨᠡᠶᠢᠲᠡ ᠶᠢᠨ ᠵᠠᠮ ᠬᠠᠷᠢᠯᠴᠠᠭᠠᠨ ᠤ | ᠺᠠᠷᠲ ᠡᠷᠭᠢᠯᠡᠬᠦ ᠠᠵᠢᠯᠯᠠᠭ᠎ᠠ ᠨᠡᠶᠢᠭᠡᠮ ᠲᠣᠭᠤᠷᠢᠭ ᠲᠤ ᠣᠷᠣᠬᠤ︾ ᠠᠵᠢᠯᠯᠠᠭ᠎ᠠ ᠥᠷᠨᠢᠭᠦᠯᠵᠦ᠂ ᠬᠠᠷᠢᠶ᠎ᠠ | ᠲᠣᠭᠤᠷᠢᠭ ᠤᠨ ᠪᠦᠬᠦᠯᠢ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠣᠶᠢᠷ᠎ᠠ ᠬᠠᠪᠢ ᠶᠢᠨ ᠨᠡᠶᠢᠭᠡᠮ | ᠲᠣᠭᠤᠷᠢᠭ ᠲᠤ ᠰᠦᠢᠳᠬᠡᠯ ᠬᠤᠷᠢᠶᠠᠬᠤ ᠦᠭᠡᠢ ᠨᠡᠶᠢᠲᠡ ᠶᠢᠨ ᠵᠠᠮ ᠬᠠᠷᠢᠯᠴᠠᠭᠠᠨ ᠤ ᠺᠠᠷᠲ ᠠᠪᠴᠤ ᠪᠣᠯᠣᠨ᠎ᠠ᠃ | ᠲᠤᠰ ᠤᠳᠠᠭᠠᠨ ᠤ ᠠᠵᠢᠯᠯᠠᠭ᠎ᠠ ᠶᠢᠨ ᠭᠦᠢᠴᠡᠳᠬᠡᠬᠦ ᠴᠠᠭ ᠨᠢ 2023 ᠣᠨ ᠤ 1 ᠰᠠᠷ᠎ᠠ ᠶᠢᠨ 30 ᠤ | ᠡᠳᠦᠷ ᠠᠴᠠ 2 ᠰᠠᠷ᠎ᠠ ᠶᠢᠨ 28 ᠤ ᠡᠳᠦᠷ ᠪᠤᠯᠳᠠᠯ᠎ᠠ᠃ ᠪᠦᠬᠦᠯᠢ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ | ᠥᠪᠡᠷ ᠢᠶᠠᠨ ᠬᠡᠷᠡᠭᠰᠡᠬᠦ ᠮᠠᠲ᠋ᠧᠷᠢᠶᠠᠯ ᠢᠶᠠᠨ ᠠᠪᠴᠤ ᠰᠠᠭᠤᠵᠤ ᠪᠠᠶᠢᠭ᠎ᠠ ᠬᠠᠷᠢᠶ᠎ᠠ ᠣᠷᠣᠨ ᠤ ᠪᠠᠨ ᠨᠡᠶᠢᠭᠡᠮ | ᠲᠣᠭᠤᠷᠢᠭ ᠲᠤ ᠣᠴᠢᠵᠤ ᠬᠡᠷᠡᠭᠰᠡᠬᠦ ᠮᠠᠲ᠋ᠧᠷᠢᠶᠠᠯ ᠢᠶᠠᠨ ᠲᠤᠰᠢᠶᠠᠵᠤ ᠰᠢᠨ᠎ᠡ ᠺᠠᠷᠲ ᠢᠶᠠᠷ ᠳᠡᠩᠰᠡᠯᠡᠨ ᠲᠡᠮᠳᠡᠭᠯᠡᠭᠦᠯᠵᠦ᠂ | ᠨᠡᠶᠢᠭᠡᠮ ᠲᠣᠭᠤᠷᠢᠭ ᠤᠨ ᠠᠵᠢᠯᠲᠠᠳ ᠠᠴᠠ ᠭᠤᠶᠤᠴᠢᠯᠠᠨ ᠳᠠᠩᠰᠠᠯᠠᠭᠤᠯᠬᠤ᠂ ᠮᠡᠳᠡᠭᠡ ᠵᠠᠩᠭᠢ ᠴᠤᠭᠯᠠᠭᠤᠯᠬᠤ᠂ | ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠳᠠᠷᠠᠭ᠎ᠠ ᠪᠠᠷ ᠨᠢ ᠡᠯ᠎ᠡ | ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠤᠯᠠᠭᠠᠨᠴᠠᠪ ᠬᠤᠲᠠ ᠶᠢᠨ ᠨᠡᠶᠢᠲᠡ ᠶᠢᠨ | ᠮᠠᠰᠢᠨ ᠲᠡᠷᠭᠡᠨ ᠤ ᠺᠣᠮᠫᠠᠨᠢ ᠳᠤ ᠨᠢᠭᠡᠳᠦᠯᠲᠡᠢ ᠮᠡᠳᠡᠭᠦᠯᠦᠨ ᠬᠦᠷᠭᠡᠵᠦ ᠺᠠᠷᠲ ᠬᠢᠯᠭᠡᠨ᠎ᠡ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | |