ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/9
   1 ᠰᠠᠷ᠎ᠠ ᠶᠢᠨ 31 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠤᠯᠠᠭᠠᠨᠴᠠᠪ ᠬᠤᠲᠠ ᠶᠢᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ︾ ︽ᠤᠯᠠᠭᠠᠨᠴᠠᠪ ᠬᠤᠲᠠ ᠶᠢᠨ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ︾ ︽ᠤᠯᠠᠭᠠᠨᠴᠠᠪ ᠬᠤᠲᠠ ᠶᠢᠨ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ︾ ︽ᠤᠯᠠᠭᠠᠨᠴᠠᠪ ᠬᠤᠲᠠ ᠶᠢᠨ ᠤᠮᠠᠷᠠᠰᠢ ᠨᠡᠭᠡᠭᠡᠯᠲᠡ ᠬᠢᠬᠦ ᠶᠢ ᠲᠦᠯᠬᠢᠨ ᠠᠬᠢᠭᠤᠯᠬᠤ ᠴᠢᠬᠤᠯᠠ ᠬᠥᠭᠦᠷᠭᠡᠨ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ︽ᠲᠠᠪᠤᠨ ᠶᠡᠭᠡ ᠡᠭᠦᠷᠭᠡ︾ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ᠂ ᠨᠠᠮ ᠤᠨ ᠬᠤᠷᠢᠳᠤᠭᠠᠷ ᠶᠡᠭᠡ ᠬᠤᠷᠠᠯ  ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠭᠤᠣᠯ ᠭᠠᠷᠳᠠᠴᠠ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠷᠠᠯᠲᠠ ᠡᠭᠦᠷᠭᠡ ᠪᠠᠨ ᠤᠯᠠᠮ ᠴᠢᠨᠠᠭᠰᠢᠳᠠ ᠨᠠᠷᠢᠯᠢᠭᠵᠢᠭᠤᠯᠵᠤ᠂ ᠠᠵᠢᠯ ᠤᠨ ᠲᠣᠭᠲᠠᠴᠠ ᠪᠠᠨ ᠰᠢᠯᠤᠭᠤᠳᠬᠠᠵᠤ᠂ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠠᠵᠤ ᠠᠬᠤᠢ ᠶᠢᠨ ᠠᠵᠢᠯ ᠢ ᠠᠳᠬᠤᠬᠤ ᠳᠤ ᠡᠷᠬᠡᠪᠰᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠠᠳᠬᠤᠬᠤ ᠦᠵᠡᠯ ᠰᠠᠨᠠᠭ᠎ᠠ ᠶᠢ ᠪᠤᠢ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢ ᠲᠠᠰᠤᠷᠠᠯᠳᠡ ᠦᠭᠡᠢ ᠴᠢᠩᠭᠠᠳᠬᠠᠵᠤ᠂ ᠥᠨᠳᠥᠷ ᠲᠦᠪᠰᠢᠨ ᠢᠶᠠᠷ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠶᠢ ᠲᠦᠷᠭᠡᠳᠬᠡᠵᠦ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠡᠯᠭᠦᠭᠡ ᠵᠢᠷᠤᠭ ᠢᠶᠠᠷ ᠪᠠᠶᠢᠯᠳᠤᠵᠤ᠂ ᠲᠣᠬᠢᠷᠠᠭᠤᠯᠭ᠎ᠠ ᠶᠢ ᠴᠢᠩᠭᠠᠳᠬᠠᠵᠤ᠂ ᠪᠦᠬᠦ ᠬᠦᠴᠦᠨ ᠢᠶᠠᠷ ᠢᠶᠠᠨ ᠠᠬᠢᠭᠤᠯᠵᠤ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠰᠠᠶᠢᠨ ᠡᠬᠢᠯᠡᠯᠲᠡ︾ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃   ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                           ᠣᠷᠴᠢᠭᠤᠯᠤᠭᠴᠢ᠄ ᠭᠤᠸ᠎ᠠ                                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2