ᠪᠦᠬᠦ ᠬᠤᠲᠠ ᠶᠢᠨ ᠰᠤᠷᠭᠠᠨ ᠬᠥᠮᠦᠵᠢᠯ ᠤᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/1
    2 ᠰᠠᠷ᠎ᠠ ᠶᠢᠨ 24 ᠤ ᠡᠳᠦᠷ᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠪᠠ᠃ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ 2022 ᠣᠨ ᠤ ᠰᠤᠷᠭᠠᠨ ᠬᠥᠮᠦᠵᠢᠯ ᠤᠨ ᠹᠷᠣᠨᠲ ᠲᠤ ᠴᠣᠯᠭᠤᠷᠠᠨ ᠭᠠᠷᠤᠭᠰᠠᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ ᠬᠥᠮᠥᠨ ᠢ ᠦᠪᠡᠳᠡᠭᠰᠢ ᠶᠡᠬᠡᠪᠡᠷ ᠬᠥᠬᠢᠭᠦᠯᠦᠨ ᠰᠠᠶᠢᠰᠢᠶᠠᠵᠤ᠂ ᠰᠤᠷᠭᠠᠨ ᠬᠥᠮᠦᠵᠢᠯ ᠤᠨ ᠠᠵᠢᠯᠲᠠᠨ ᠤ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠤᠶᠤᠨ ᠰᠠᠨᠠᠭᠠᠨ ᠤ ᠳᠦᠷᠰᠦ ᠪᠠᠶᠢᠳᠠᠯ ᠢ ᠲᠥᠪᠯᠡᠷᠡᠭᠦᠯᠦᠨ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ ᠶᠡᠬᠡᠪᠡᠷ ᠪᠠᠳᠠᠷᠠᠭᠤᠯᠵᠤ᠂ ᠰᠤᠷᠭᠠᠨ ᠬᠥᠮᠦᠵᠢᠯ ᠢᠶᠠᠷ ᠬᠤᠳᠠ ᠶᠢ ᠬᠦᠴᠦᠷᠬᠡᠭᠵᠢᠭᠦᠯᠬᠦ ᠶᠢ ᠲᠦᠷᠭᠡᠳᠬᠡᠨ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠬᠦ ᠳᠤ ᠬᠦᠴᠦᠨ ᠨᠡᠮᠡᠷᠢᠯᠡᠪᠡ᠃    ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠷᠠᠯ ᠢ ᠡᠷᠭᠢᠯᠡᠵᠦ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠢ ᠬᠤᠸ ᠵᠡᠷᠭᠡ ᠬᠤᠲᠠ ᠶᠢᠨ ᠤᠳᠤᠷᠢᠳᠤᠯᠭ᠎ᠠ ᠬᠤᠷᠠᠯ ᠳᠤ ᠣᠷᠣᠯᠴᠠᠵᠠᠢ᠃    ᠰᠦᠢ ᠸᠧᠢ ᠵᠢᠶᠦ᠋ᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ ᠬᠥᠮᠥᠨ ᠳᠤ ᠬᠠᠯᠠᠭᠤᠨ ᠪᠠᠶᠠᠷ ᠬᠦᠷᠭᠡᠵᠦ᠂ ᠪᠦᠬᠦ ᠬᠤᠳᠠ ᠪᠠᠷ ᠢᠶᠠᠨ ᠲᠡᠷᠢᠭᠦᠨ ᠤ ᠬᠢ ᠪᠠᠷ ᠬᠡᠪ ᠳᠠᠭᠤᠷᠢᠶᠠᠯ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠠᠮᠵᠢᠯᠲᠠ ᠪᠠᠨ ᠪᠠᠳᠠᠷᠠᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠳᠠᠬᠢᠨᠲᠠ ᠭᠡᠷᠡᠯ ᠰᠠᠴᠤᠷᠠᠩᠭᠤᠢ ᠠᠮᠵᠢᠯᠲᠠ ᠣᠯᠵᠤ᠂ ᠪᠦᠬᠦ ᠬᠤᠳᠠ ᠶᠢᠨ ᠰᠤᠷᠭᠠᠨ ᠬᠥᠮᠦᠵᠢᠯ ᠤᠨ ᠦᠢᠯᠡᠰ ᠤᠨ ᠰᠢᠨ᠎ᠡ ᠳᠡᠭᠲᠡᠷ ᠲᠤ ᠭᠠᠷᠴᠤ᠂ ᠰᠢᠨ᠎ᠡ ᠠᠮᠵᠢᠯᠲᠠ ᠣᠯᠬᠤ ᠶᠢ ᠠᠬᠢᠭᠤᠯᠬᠤ ᠶᠢ ᠬᠦᠰᠡᠪᠡ᠃    ᠰᠦᠢ ᠸᠧᠢ ᠵᠢᠶᠦ᠋ᠨ᠂ ︽ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠢ ᠬᠦᠴᠦᠯᠡᠨ ᠬᠥᠮᠥᠵᠢᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠬᠦ ᠬᠡᠷᠡᠭᠲᠡᠢ᠃ ︽ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠦᠷᠦᠯ ᠤᠨ ᠰᠤᠷᠭᠠᠨ ᠬᠥᠮᠦᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠦᠬᠦ ᠲᠦᠷᠦᠯ ᠤᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠤᠨ ᠬᠥᠭᠵᠢᠭᠦᠯᠬᠦ ᠤᠳᠤ ᠦᠶ᠎ᠡ ᠶᠢᠨ ᠰᠤᠷᠭᠠᠨ ᠬᠥᠮᠦᠵᠢᠯ ᠤᠨ ᠰᠢᠰᠲ᠋ᠧᠮ ᠢ ᠬᠦᠴᠦᠯᠡᠨ ᠪᠠᠶᠢᠭᠤᠯᠬᠤ ᠬᠡᠷᠡᠭᠲᠡᠢ᠃ ︽ᠡᠩᠨᠡᠭᠡᠨ ᠤ ᠪᠠᠶᠢᠭᠤᠯᠤᠯᠲᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠭᠰᠢ ᠶᠢᠨ ᠮᠣᠷᠠᠯ ᠡᠷᠬᠢᠮ ᠳᠡᠭᠡᠳᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠪᠦᠲᠦᠴᠡ ᠵᠣᠬᠢᠰᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ᠃ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠦᠬᠦ ᠲᠠᠯ᠎ᠠ ᠪᠠᠷ ᠴᠢᠩᠭᠠᠳᠬᠠᠵᠤ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠬᠡᠯᠡᠪᠡ᠃    ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠧᠢ ᠺᠦᠨ ︽ᠬᠥᠬᠢᠭᠦᠯᠦᠨ ᠰᠠᠶᠢᠰᠢᠶᠠᠬᠤ ᠲᠣᠭᠲᠠᠭᠠᠯ︾ ᠢ ᠤᠩᠰᠢᠨ ᠨᠡᠶᠢᠲᠡᠯᠡᠵᠦ᠂ ᠬᠤᠲᠠ ᠶᠢᠨ ᠤᠳᠤᠷᠢᠳᠤᠯᠭ᠎ᠠ ᠠᠴᠠ ᠬᠥᠬᠢᠭᠦᠯᠦᠨ ᠰᠠᠶᠢᠰᠢᠶᠠᠭᠳᠠᠭᠰᠠᠨ ᠲᠡᠷᠢᠭᠦᠨ ᠤ ᠬᠠᠮᠲᠤ ᠶᠢᠨ ᠲᠥᠯᠥᠭᠡᠯᠡᠭᠴᠢ ᠪᠣᠯᠣᠨ ᠲᠡᠷᠢᠭᠦᠨ ᠤ ᠬᠤᠪᠢ ᠬᠥᠮᠥᠨ ᠤ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ᠃                                                  ᠣᠷᠴᠢᠭᠤᠯᠤᠭᠴᠢ᠄ ᠭᠤᠸ᠎ᠠ                                                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2