ᠰᠦᠢ ᠸᠧᠢ ᠵᠢᠶᠦ᠋ᠨ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/1
   2 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠳᠡᠭᠡᠷ᠎ᠡ 2 ᠰᠠᠷ᠎ᠠ ᠶᠢᠨ 21 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠢ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠬᠤ ᠬᠡᠷᠡᠭᠲᠡᠢ᠃ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠪᠣᠯᠪᠠᠰᠤᠨ ᠰᠢᠨ᠎ᠡ ᠰᠤᠷᠲᠠᠯ ᠢ ᠶᠡᠭᠡ ᠪᠠᠷ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠯᠠᠱᠠ ᠵᠡᠭᠦᠨ ᠬᠤᠰᠢᠭᠤᠨ ᠤ ᠨᠢᠭᠡᠨ ᠵᠠᠳᠠᠭᠠᠢ ᠨᠡᠭᠦᠷᠡᠰᠦᠨ ᠠᠭᠤᠷᠬᠠᠢ ᠨᠤᠷᠠᠭᠰᠠᠨ ᠠᠳᠡᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠷᠢᠭᠤᠴᠠᠯᠭ᠎ᠠ ᠶᠢᠨ ᠤᠬᠠᠮᠰᠠᠷ ᠪᠣᠯᠣᠨ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠨᠠᠭᠰᠢᠳᠠ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ 2022 ᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ᠃ ᠬᠤᠷᠠᠯ ᠠᠴᠠ᠂ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠨᠠᠮ ᠤᠨ ᠤᠳᠤᠷᠢᠳᠤᠯᠭ᠎ᠠ ᠶᠢ ᠠᠵᠢᠯ ᠤᠨ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠤᠭᠴᠤᠭ᠎ᠠ ᠳᠤ ᠢᠯᠡᠷᠡᠭᠦᠯᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠪᠦᠯᠬᠦᠮᠳᠡᠨ ᠨᠢᠭᠡᠳᠴᠦ᠂ ᠬᠠᠮᠲᠤᠪᠠᠷ ᠴᠢᠷᠮᠠᠶᠢᠵᠤ ᠪᠠᠶᠢᠭᠠᠳ ᠠᠵᠢᠯ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ︽ᠲᠠᠪᠤᠨ ᠶᠡᠭᠡ ᠡᠭᠦᠷᠭᠡ︾ ᠶᠢᠨ 2023 ᠣᠨ ᠤ ᠡᠭᠦᠷᠭᠡ ᠶᠢᠨ ᠨᠠᠷᠢᠨ ᠲᠠᠩᠰᠠ ᠲᠠᠢ ᠬᠠᠷᠢᠴᠠᠭᠤᠯᠵᠤ᠂ ᠱᠠᠯᠠᠪᠳᠠᠨ ᠬᠥᠳᠡᠯᠦᠯᠴᠡᠵᠦ᠂ ᠠᠵᠢᠯᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠣᠳᠠᠲᠠᠢ ᠠᠵᠢᠯᠯᠠᠭ᠎ᠠ ᠪᠠ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                         ᠣᠷᠴᠢᠭᠤᠯᠤᠭᠴᠢ᠄ ᠭᠤᠸ᠎ᠠ                                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2