ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠠᠭᠠᠨᠴᠠᠪ ᠬᠤᠲᠠ ᠶᠢᠨ ᠳᠠᠷᠤᠭ᠎ᠠ ᠴᠢ ᠹᠧᠢ ᠶᠦᠨ᠄ ︽ᠪᠥᠬᠦ ᠤᠯᠤᠰ ᠤᠨ ᠪᠤᠳᠤᠬᠤ ᠬᠦᠴᠦᠨ ᠤ ᠪᠠᠲᠤᠯᠠᠭ᠎ᠠ ᠶᠢᠨ ᠰᠠᠭᠤᠷᠢᠨ︾ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2023/3/10
   ︽ᠡᠨᠡ ᠵᠢᠯ ᠤᠨ ᠪᠥᠬᠦ ᠤᠯᠤᠰ ᠤᠨ ᠬᠤᠶᠠᠷ ᠬᠤᠷᠠᠯ᠂ ᠲᠣᠭᠠᠴᠢᠯᠠᠭᠰᠠᠨ ᠠᠵᠤ ᠠᠬᠤᠢ ᠶᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠠᠬᠢᠨᠲᠠ ᠪᠢᠴᠢᠵᠦ ᠣᠷᠣᠭᠤᠯᠪᠠ᠂ ᠪᠥᠬᠦ ᠤᠯᠤᠰ ᠤᠨ ᠨᠢᠭᠡ ᠴᠣᠭᠴᠠᠵᠢᠭᠰᠠᠨ ᠪᠤᠳᠤᠬᠤ ᠬᠦᠴᠦᠨ ᠤ ᠰᠦᠯᠵᠢᠶ᠎ᠡ ᠶᠢᠨ ᠤᠯᠤᠰ ᠤᠨ ᠬᠦᠢᠰᠦ ᠴᠡᠭ ᠤᠨ ᠬᠤᠲᠠ ᠶᠢᠨ ᠨᠢᠭᠡ ᠪᠣᠯᠤᠭᠰᠠᠨ ᠤ ᠬᠤᠪᠢ ᠳᠤ᠂ ᠤᠯᠠᠭᠠᠨᠴᠠᠪ ᠬᠤᠲᠠ ᠶᠢᠨ ᠬᠢᠨ ︿ᠵᠡᠭᠦᠨ ᠣᠷᠣᠨ ᠤ ᠲᠤᠭ᠎ᠠ ᠪᠠᠷᠢᠮᠲᠠ ᠶᠢ ᠪᠠᠷᠠᠭᠤᠨ ᠣᠷᠣᠨ ᠳᠤ ᠪᠣᠳᠣᠬᠤ﹀ ᠠᠵᠠ ᠲᠣᠬᠢᠶᠠᠯ ᠢ ᠠᠮᠵᠢᠵᠤ᠂ ᠲᠣᠭᠠᠴᠢᠯᠠᠭᠰᠠᠨ ᠴᠢᠳᠠᠪᠤᠷᠢ ᠪᠠᠷ ᠴᠢᠨᠠᠷ ᠰᠠᠶᠢᠲᠠᠢ ᠬᠥᠭᠵᠢᠯᠲᠡ ᠳᠤ ᠴᠢᠳᠠᠪᠤᠷᠢ ᠣᠯᠭᠤᠬᠤ ᠪᠠᠷ ᠪᠣᠶ︾ ᠭᠡᠵᠦ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠠᠭᠠᠨᠴᠠᠪ ᠬᠤᠳᠠ ᠶᠢᠨ ᠳᠠᠷᠤᠭ᠎ᠠ ᠴᠢ ᠹᠧᠢ ᠶᠦᠨ ᠬᠡᠯᠡᠪᠡ᠃    ᠴᠢ ᠹᠧᠢ ᠶᠦᠨ ᠲᠠᠨᠢᠯᠴᠠᠭᠤᠯᠬᠤ ᠳᠠᠭᠠᠨ᠂ ᠣᠶᠢᠷ᠎ᠠ ᠶᠢᠨ ᠵᠢᠯ ᠳᠤ᠂ ᠲᠥᠷᠥᠯᠬᠢ ᠶᠢᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ᠂ ᠴᠠᠭ ᠤᠨ ᠤᠷᠲᠤᠳᠬᠠᠯ ᠤᠨ ᠳᠠᠪᠠᠭᠤᠯᠢᠭ ᠵᠢᠴᠢ ᠪᠣᠬᠢᠷᠳᠤᠯ ᠦᠭᠡᠢ ᠡᠨᠧᠷᠭᠢ ᠶᠢᠨ ᠳᠠᠪᠠᠭᠤᠯᠢᠭ ᠲᠠᠭᠠᠨ ᠲᠦᠰᠢᠭᠯᠡᠨ᠂ ᠤᠯᠠᠭᠠᠨᠴᠠᠪ ᠬᠤᠲᠠ ︽ᠪᠡᠯᠡ ᠣᠷᠣᠭᠤᠯᠤᠯᠲᠠ ᠶᠢᠨ ᠲᠤᠭ᠎ᠠ ᠪᠠᠷᠢᠮᠲᠠ ᠶᠢᠨ ᠲᠥᠪ ᠲᠤ ᠬᠠᠮᠤᠭ ᠤᠨ ᠲᠣᠬᠢᠷᠠᠮᠵᠢᠲᠠᠢ ᠬᠤᠲᠠ ᠪᠠ ᠭᠠᠵᠠᠷ ᠣᠷᠣᠨ︾ ᠢᠶᠠᠷ ᠦᠨᠡᠯᠡᠭᠳᠡᠵᠦ᠂ ︽ᠵᠡᠭᠦᠨ ᠣᠷᠣᠨ ᠤ ᠲᠤᠭ᠎ᠠ ᠪᠠᠷᠢᠮᠲᠠ ᠶᠢ ᠪᠠᠷᠠᠭᠤᠨ ᠣᠷᠣᠨ ᠳᠤ ᠪᠣᠳᠣᠬᠤ︾ ᠬᠡᠪ ᠳᠠᠭᠤᠷᠢᠶᠠᠯ ᠵᠡᠷᠭᠡ ᠢᠷᠠᠭᠤ ᠠᠯᠳᠠᠷ ᠢ ᠭᠥᠷᠳᠡᠭᠰᠡᠨ ᠪᠠᠶᠢᠨ᠎ᠠ᠃ ᠣᠳᠣᠬᠠᠨ ᠳᠤ ᠬᠤᠸᠠ ᠸᠧᠢ᠂ ᠠᠯᠮᠤᠷᠠᠳ᠂ ᠠ ᠯᠢ ᠪᠠ ᠪᠠ᠂ ᠬᠤᠷᠳᠤᠨ ᠭᠠᠷ ᠵᠡᠷᠭᠡ 26 ᠲᠣᠮᠣ ᠬᠡᠯᠪᠡᠷᠢ ᠶᠢᠨ ᠳ᠋ᠠᠶᠢᠲ᠋ᠠ ᠶᠢᠨ ᠲᠥᠪ ᠲᠤ ᠡᠷᠦᠬᠡ ᠠᠮᠠ ᠣᠷᠣᠵᠤ᠂ ᠭᠡᠷ᠎ᠡ ᠲᠣᠭᠲᠠᠭᠰᠠᠨ ᠦᠢᠯᠡᠴᠢᠯᠡᠭᠦᠷ 419 ᠲᠦᠮᠡ ᠳᠤ ᠬᠦᠷᠴᠦ᠂ ᠡᠭᠦᠨ ᠤ ᠳᠣᠲᠣᠷ᠎ᠠ ᠵᠢᠷᠭᠤᠭᠠᠨ ᠬᠤᠪᠢ ︵58%︶ ᠶᠢᠨ ᠳ᠋ᠠᠶᠢᠲ᠋ᠠ ᠶᠢᠨ ᠲᠥᠪ ᠲᠤ ᠪᠣᠬᠢᠷᠳᠣᠯ ᠦᠭᠡᠢ ᠴᠠᠬᠢᠯᠭᠠᠨ ᠬᠡᠷᠡᠭᠯᠡᠵᠦ ᠪᠣᠶ︔ ᠠᠨ ᠾᠧᠩ᠂ ᠪᠥᠸᠧ ᠶᠤᠸᠠᠢ᠂ ᠵᠥᠩ ᠶᠠᠨ ᡁᠢ ᠳ᠋ᠡ ᠵᠡᠷᠭᠡ ᠨᠢᠭᠡ ᠪᠦᠯᠦᠭ ᠲᠣᠭᠠᠴᠢᠯᠠᠭᠰᠠᠨ ᠬᠡᠷᠡᠭᠯᠡᠭᠡᠨ ᠤ ᠠᠵᠤ ᠠᠬᠤᠶᠢᠯᠠᠯ ᠵᠠᠯᠭᠠᠪᠡᠷ ᠡᠷᠦᠬᠡ ᠠᠮᠠ ᠣᠷᠣᠵᠤ᠂ ᠲᠤᠭ᠎ᠠ ᠪᠠᠷᠢᠮᠲᠠ ᠶᠢᠨ ᠬᠠᠳᠠᠭᠠᠯᠠᠯᠲᠠ ᠶᠢᠨ ︽ᠬᠠᠯᠠᠭᠤᠨ ᠬᠦᠢᠲᠡᠨ ᠬᠤᠣᠰᠯᠠᠭᠰᠠᠨ︾᠂ ᠬᠤᠯᠪᠣᠭᠳᠠᠬᠤ ᠠᠵᠤ ᠦᠢᠯᠡᠰ ᠤᠨ ︽ᠵᠥᠭᠡᠯᠡᠨ ᠬᠠᠲᠠᠭᠤ ᠬᠤᠣᠰᠯᠠᠭᠰᠠᠨ︾ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠪᠠ᠃    ︽ᠳᠠᠷᠠᠭᠠᠴᠢ ᠶᠢᠨ ᠠᠯᠬᠤᠮ ᠳᠤ᠂ ᠪᠢᠳᠡ ᠤᠯᠤᠰ ᠤᠨ ᠪᠣᠳᠣᠬᠤ ᠬᠦᠴᠦᠨ ᠤ ᠬᠦᠢᠰᠦ ᠴᠡᠭ ᠲᠤ ᠲᠦᠰᠢᠭᠯᠡᠵᠦ᠂ ᠪᠣᠳᠣᠬᠤ ᠬᠦᠴᠦᠨ ᠤ ᠲᠤᠯᠭᠠᠭᠤᠷᠢᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠣᠨᠤᠭ ᠲᠥᠬᠦᠭᠡᠷᠦᠮᠵᠢ ᠦᠶᠯᠡᠳᠬᠦ᠂ ᠲᠤᠭ᠎ᠠ ᠪᠠᠷᠢᠮᠲᠠ ᠶᠢ ᠪᠣᠯᠪᠠᠰᠤᠷᠠᠭᠤᠯᠤᠨ ᠰᠢᠢᠳᠪᠦᠷᠢᠯᠡᠬᠦ᠂ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ᠂ ᠰᠦᠯᠵᠢᠶᠡᠨ ᠤ ᠠᠮᠤᠷ ᠲᠦᠪᠰᠢᠨ ᠵᠡᠷᠭᠡ ᠬᠤᠯᠪᠣᠭᠳᠠᠬᠤ ᠠᠵᠤ ᠦᠢᠯᠡᠰ ᠢ ᠲᠠᠰᠤᠷᠠᠯᠲᠠ ᠦᠭᠡᠢ ᠪᠣᠶᠢᠵᠢᠭᠤᠯᠤᠨ ᠪᠤᠵᠠᠭᠠᠶᠢᠷᠠᠭᠤᠯᠵᠤ᠂ ︿ᠲᠤᠭ᠎ᠠ ᠪᠠᠷᠢᠮᠲᠠ ᠶᠢᠨ ᠲᠥᠪ ᠢᠶᠠᠷ ᠭᠤᠣᠯ ᠪᠣᠯᠭᠠᠭᠰᠠᠨ᠂ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠬᠠᠷᠢᠯᠴᠠᠨ ᠠᠬᠢᠭᠤᠯᠬᠤ﹀ ᠪᠦᠷᠢᠨ ᠲᠡᠭᠦᠯᠳᠡᠷ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ ᠬᠦᠴᠦᠷᠬᠡᠭᠵᠢᠭᠦᠯᠦᠨ᠎ᠡ᠃ ᠡᠭᠦᠨ ᠤ ᠬᠠᠮᠲᠤ᠂ ᠪᠣᠬᠢᠷᠳᠤᠯ ᠦᠭᠡᠢ ᠡᠨᠧᠷᠭᠢ ᠪᠠᠷ ᠣᠷᠣᠯᠠᠭᠤᠯᠬᠤ ᠠᠯᠬᠤᠮ ᠢ ᠲᠦᠷᠭᠡᠳᠬᠡᠵᠦ᠂ ᠥᠨᠳᠥᠷ ᠲᠦᠪᠰᠢᠨ ᠪᠦᠬᠦᠢ ᠪᠣᠬᠢᠷᠳᠤᠯ ᠦᠭᠡᠢ ᠲᠤᠭ᠎ᠠ ᠪᠠᠷᠢᠮᠲᠠ ᠶᠢᠨ ᠲᠥᠪ ᠤᠨ ᠴᠤᠭᠯᠠᠷᠠᠯ ᠪᠣᠯᠣᠨ ᠨᠡᠭᠦᠷᠡᠰᠦᠲᠥ᠋ᠷᠥᠭᠴᠢ ᠦᠭᠡᠢ ᠲᠤᠭ᠎ᠠ ᠪᠠᠷᠢᠮᠲᠠ ᠶᠢᠨ ᠬᠦᠷᠢᠶᠡᠯᠡᠩ ᠲᠣᠭᠤᠷᠢᠭ ᠢ ᠪᠠᠶᠢᠭᠤᠯᠵᠤ᠂ ︿ᠪᠦᠬᠦ ᠤᠯᠤᠰ ᠤᠨ ᠪᠣᠳᠣᠬᠤ ᠬᠦᠴᠦᠨ ᠤ ᠪᠠᠲᠤᠯᠠᠭ᠎ᠠ ᠶᠢᠨ ᠰᠠᠭᠤᠷᠢᠨ﹀ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠵᠤ᠂ ᠵᠡᠭᠦᠨ ᠪᠠᠷᠠᠭᠤᠨ ᠣᠷᠣᠨ ᠤ ᠲᠤᠭ᠎ᠠ ᠪᠠᠷᠢᠮᠲᠠ ᠶᠢᠨ ᠪᠣᠳᠣᠬᠤ ᠬᠦᠴᠦᠨ ᠤ ᠬᠠᠮᠵᠢᠯᠴᠠᠨ ᠬᠠᠮᠲᠤᠷᠠᠯᠴᠠᠬᠤ ᠶᠢ ᠳᠠᠰᠤᠷᠠᠯᠳᠠ ᠦᠭᠡᠢ ᠴᠢᠩᠭᠠᠳᠬᠠᠵᠤ᠂ ᠤᠯᠤᠰ ᠤᠨ ᠪᠦᠬᠦᠯᠢ ᠴᠣᠭᠴᠠ ᠶᠢᠨ ᠪᠣᠳᠣᠬᠤ ᠬᠦᠴᠦᠨ ᠤ ᠲᠦᠪᠰᠢᠨ ᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠨ᠎ᠡ︾ ᠭᠡᠵᠦ ᠴᠢ ᠹᠧᠢ ᠶᠦᠨ ᠬᠡᠯᠡᠪᠡ᠃                                                       ᠣᠷᠴᠢᠭᠤᠯᠤᠭᠴᠢ᠄ ᠭᠤᠸ᠎ᠠ                                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2