ᠬᠤᠸᠠᠳᠧ ᠰᠢᠶᠠᠨ ᠤ ᠲᠠᠷᠢᠶᠠᠯᠠᠩ ᠤᠨ ᠮᠠᠰᠢᠨ ᠤ ᠦᠢᠯᠡᠴᠢᠯᠡᠭᠡ ᠬᠠᠪᠤᠷ ᠤᠨ ᠲᠠᠷᠢᠶᠠᠯᠠᠭ᠎ᠠ ᠶᠢ ᠬᠠᠪᠰᠤᠷᠴᠤ ᠬᠠᠪᠤᠷ ᠤᠨ ᠲᠠᠷᠢᠶᠠᠯᠠᠭ᠎ᠠ ᠶᠢᠨ ᠴᠠᠭ ᠢ ᠰᠠᠭᠠᠲᠠᠭᠠᠬᠤ ᠦᠭᠡᠢ
ᠨᠡᠶᠢᠲᠡᠯᠡᠭᠰᠡᠨ ᠴᠠᠭ᠄
2023/3/10
    ᠣᠶᠢᠷ᠎ᠠ ᠳᠤ᠂ ᠬᠤᠸᠠᠳᠧ ᠰᠢᠶᠠᠨ ᠤ ᠬᠢᠨ ᠲᠠᠷᠢᠶᠠᠯᠠᠩ ᠤᠨ ᠮᠠᠰᠢᠨ ᠦᠢᠯᠡᠳᠪᠦᠷᠢᠯᠡᠬᠦ ᠦᠢᠯᠡᠳᠪᠦᠷᠢ ᠶᠢ ᠤᠷᠢᠵᠤ ᠲᠠᠷᠢᠶᠠᠯᠠᠩ ᠤᠨ ᠮᠠᠰᠢᠨ ᠤ ᠳᠡᠯᠭᠡᠨ ᠪᠣᠷᠤᠯᠠᠭᠤᠯᠭ᠎ᠠ ᠶᠢ ᠳᠡᠯᠭᠡᠷᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠵᠡᠢ᠃     ᠳᠡᠯᠭᠡᠨ ᠪᠣᠷᠣᠯᠠᠭᠤᠯᠬᠤ ᠴᠤᠭᠯᠠᠭᠠᠨ ᠤ ᠬᠤᠭᠤᠴᠠᠭᠠᠨ ᠳᠤ᠂ ᠬᠤᠸᠠᠳᠧ ᠰᠢᠶᠠᠨ ᠤ ᠴᠥᠭᠡᠨ ᠪᠤᠰᠤ ᠲᠠᠷᠢᠶᠠᠴᠢᠳ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠪᠣᠯᠣᠨ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠲᠥᠪ ᠲᠤ ᠬᠦᠷᠴᠦ ᠤᠯᠤᠰ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠠᠰᠠᠭᠤᠨ ᠯᠠᠪᠯᠠᠵᠤ ᠂ ᠲᠥᠪ ᠤᠨ ᠠᠵᠢᠯᠲᠠᠳ ᠥᠷᠭᠡᠨ ᠤᠯᠠᠨ ᠲᠠᠷᠢᠶᠠᠴᠢᠨ ᠡᠷᠦᠬᠡ ᠳᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠵᠡᠷᠭᠡ ᠲᠠᠷᠢᠶᠠᠯᠠᠩ ᠢ ᠬᠦᠴᠦᠷᠬᠡᠭᠵᠢᠭᠦᠯᠵᠦ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠲᠦᠷᠦ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠵᠤ᠂ ᠲᠠᠷᠢᠶᠠᠴᠢᠨ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ᠢᠳᠡᠪᠬᠢᠲᠡᠢ ᠪᠠᠷ ᠮᠠᠰᠢᠨ ᠰᠣᠩᠭᠤᠵᠤ ᠮᠠᠰᠢᠨ ᠬᠤᠳᠠᠯᠳᠤᠨ ᠠᠪᠴᠤ᠂ ᠲᠠᠷᠢᠶᠠᠯᠠᠩ ᠤᠨ ᠮᠠᠰᠢᠨ ᠤ ᠰᠢᠨ᠎ᠡ ᠮᠠᠰᠢᠨ ᠪᠠᠭᠠᠵᠢ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠳᠡᠭᠡᠭᠰᠢᠯᠡᠭᠦᠯᠵᠡᠢ᠃     ᠡᠭᠦᠨ ᠤ ᠬᠠᠮᠲᠤ᠂ ᠲᠠᠷᠢᠶᠠᠯᠠᠩ ᠤᠨ ᠮᠠᠰᠢᠨ ᠤ ᠦᠢᠯᠡᠳᠪᠦᠷᠢ ᠶᠢᠨ ᠮᠡᠷᠭᠡᠵᠢᠯᠲᠡᠨ ᠠᠴᠠ ᠰᠢᠨ᠎ᠡ ᠬᠡᠯᠪᠡᠷᠢ ᠶᠢᠨ ᠡᠷᠭᠢᠯᠳᠦᠭᠦᠯᠦᠨ ᠬᠠᠭᠠᠯᠪᠤᠷᠢᠯᠠᠬᠤ ᠮᠠᠰᠢᠨ᠂ ᠲᠷᠠᠺᠲ᠋ᠣᠷ᠂ ᠬᠥᠮᠥᠨ ᠦᠭᠡᠢ ᠢᠶᠠᠷ ᠳᠠᠷᠢᠵᠤ ᠬᠠᠮᠠᠭᠠᠯᠠᠬᠤ ᠮᠠᠰᠢᠨ᠂ ᠬᠠᠳᠤᠵᠤ ᠬᠤᠷᠢᠶᠠᠬᠤ ᠬᠠᠮ ᠮᠠᠰᠢᠨ ᠵᠡᠷᠭᠡ ᠡᠯ᠎ᠡ ᠵᠦᠢᠯ ᠤᠨ ᠲᠠᠷᠢᠶᠠᠯᠠᠩ ᠤᠨ ᠮᠠᠰᠢᠨ ᠪᠠᠭᠠᠵᠢ ᠶᠢᠨ ᠠᠵᠢᠯᠯᠠᠭᠠᠨ ᠤ ᠭᠤᠣᠯᠳᠠᠯᠭ᠎ᠠ᠂ ᠦᠷᠭᠦᠯᠵᠢ ᠲᠣᠬᠢᠶᠠᠯᠳᠤᠬᠤ ᠰᠠᠭᠠᠳ ᠲᠣᠳᠬᠠᠷ ᠢ ᠠᠷᠢᠯᠭᠠᠬᠤ᠂ ᠮᠠᠰᠢᠨ ᠪᠠᠭᠠᠵᠢ ᠶᠢ ᠠᠷᠠᠴᠢᠯᠠᠨ ᠰᠡᠯᠪᠢᠬᠦ ᠵᠡᠷᠭᠡ ᠲᠠᠯ᠎ᠠ ᠶᠢᠨ ᠮᠡᠳᠡᠯᠭᠡ ᠳᠤ ᠲᠣᠰ ᠲᠣᠰ ᠨᠠᠷᠢᠨ ᠲᠠᠶᠢᠯᠪᠤᠷᠢᠯᠠᠯᠲᠠ ᠬᠢᠬᠦ ᠶᠢᠨ ᠬᠠᠮᠲᠤ ᠲᠤᠬᠠᠢ ᠶᠢᠨ ᠲᠠᠯᠠᠪᠤᠷ ᠲᠤᠨᠢ ᠠᠵᠢᠯᠯᠠᠭᠠᠨ ᠤ ᠦᠵᠡᠭᠦᠯᠦᠯᠭᠡ ᠬᠢᠵᠦ᠂ ᠣᠯᠠᠨ ᠳᠤ ᠲᠠᠷᠢᠶᠠᠯᠠᠩ ᠤᠨ ᠮᠠᠰᠢᠨ ᠮᠧᠬᠠᠨᠢᠭ ᠤᠨ ᠡᠯ᠎ᠡ ᠵᠦᠢᠯ ᠤᠨ ᠴᠢᠳᠠᠪᠬᠢ ᠶᠢ ᠨᠠᠩ ᠰᠢᠭᠤᠳ ᠣᠶᠢᠯᠠᠭᠠᠭᠤᠯᠪᠠ᠃     ᠣᠶᠢᠷ᠎ᠠ ᠶᠢᠨ ᠵᠢᠯ ᠠᠴᠠ᠂ ᠬᠤᠸᠠᠳᠧ ᠰᠢᠶᠠᠨ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠪᠠᠷ ᠤᠳᠤᠷᠢᠳᠤᠮᠵᠢ ᠪᠣᠯᠭᠠᠵᠤ᠂ ᠲᠠᠷᠢᠶᠠᠯᠠᠩ ᠤᠨ ᠮᠠᠰᠢᠨ ᠢ ᠳᠡᠯᠭᠡᠷᠡᠭᠦᠯᠦᠨ ᠬᠡᠷᠡᠭᠯᠡᠬᠦ ᠶᠢ ᠰᠤᠯᠠᠷᠠᠭᠤᠯᠤᠯ ᠦᠭᠡᠢ ᠴᠢᠩᠭ᠎ᠠ ᠠᠳᠬᠤᠪᠠ᠃ 2022 ᠣᠨ ᠳᠤ᠂ ᠡᠯ᠎ᠡ ᠵᠦᠢᠯ ᠤᠨ ᠰᠢᠨ᠎ᠡ ᠬᠡᠯᠪᠡᠷᠢ ᠶᠢᠨ ᠣᠷᠴᠢᠨ ᠠᠬᠤᠢ ᠶᠢᠨ ᠬᠠᠮᠠᠭᠠᠯᠠᠯᠲᠠ ᠪᠠ ᠥᠨᠳᠥᠷ ᠪᠦᠲᠦᠮᠵᠢᠲᠡᠶ ᠡᠨᠧᠷᠭᠢ ᠠᠷᠪᠢᠯᠠᠬᠤ ᠲᠠᠷᠢᠶᠠᠯᠠᠩ ᠤᠨ ᠮᠠᠰᠢᠨ ᠪᠠᠭᠠᠵᠢ ᠶᠢ ᠨᠡᠶᠢᠲᠡ 879 ᠢᠵᠢ ᠳᠡᠯᠭᠡᠷᠡᠭᠦᠯᠵᠦ᠂ 785 ᠲᠦᠮᠡᠨ ᠲᠥᠭᠦᠷᠢᠭ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠪᠡᠯᠡ ᠮᠥᠩᠭᠦ ᠲᠠᠷᠬᠠᠭᠠᠵᠤ᠂ 648 ᠲᠠᠷᠢᠶᠠᠴᠢᠨ ᠡᠷᠦᠬᠡ ᠳᠤ ᠠᠰᠢᠭ ᠬᠦᠷᠲᠡᠭᠡᠵᠦ᠂ 3964 ᠲᠦᠮᠡᠨ ᠲᠥᠭᠦᠷᠢᠭ ᠤᠨ ᠲᠠᠷᠢᠶᠠᠯᠠᠩ ᠤᠨ ᠮᠠᠰᠢᠨ ᠤ ᠪᠡᠯᠡ ᠣᠷᠣᠭᠤᠯᠤᠯᠲᠠ ᠶᠢ ᠳᠠᠶᠢᠴᠢᠯᠠᠪᠠ᠃                                          ᠤᠷᠴᠢᠭᠤᠯᠤᠭᠴᠢ᠄ ᠬᠦᠰᠡᠯ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2