ᠴᠢ ᠹᠧᠢ ᠶᠦᠨ ᠲᠥᠯᠥᠭᠡᠯᠡᠭᠴᠢ᠄ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/3/13
   ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠠᠭᠠᠨᠴᠠᠪ ᠬᠤᠲᠠ ᠶᠢᠨ ᠳᠠᠷᠤᠭ᠎ᠠ ᠴᠢ ᠹᠧᠢ ᠶᠦᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠬᠢᠨᠠᠨ ᠵᠥᠪᠯᠡᠬᠦ ᠳᠡᠭᠡᠨ᠂ ᠤᠯᠠᠭᠠᠨᠴᠠᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪ ᠢ ᠲᠣᠭᠲᠠᠭᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠲᠤᠬᠠᠢ ᠥᠪᠡᠷ ᠤᠨ ᠪᠣᠳᠣᠯ ᠢᠶᠠᠨ ᠶᠠᠷᠢᠪᠠ᠃    ᠴᠢ ᠹᠧᠢ ᠶᠦᠨ ᠢᠯᠡᠷᠬᠡᠶᠢᠯᠡᠬᠦ ᠳᠡᠭᠡᠨ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠭᠠᠨᠴᠠᠪ ᠤᠨ ᠴᠢᠳᠠᠯ ᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠡᠷᠡᠭᠴᠡᠭᠡ ᠲᠠᠢ ᠪᠦᠲᠦᠭᠡᠯᠴᠢ ᠪᠠᠷ ᠤᠶᠠᠯᠳᠤᠭᠤᠯᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠨ᠂ ᠲᠣᠭᠠᠴᠢᠯᠠᠭᠰᠠᠨ᠂ ᠬᠦᠢᠰᠦ᠂ ᠪᠣᠬᠢᠷᠳᠤᠯ ᠦᠭᠡᠢ᠂ ᠳᠣᠣᠷ᠎ᠠ ᠨᠡᠭᠦᠷᠡᠰᠦᠲᠥ᠋ᠷᠥᠭᠴᠢᠲᠦ ᠣᠷᠴᠢᠯ᠂ ᠣᠲᠣ ᠦᠶ᠎ᠡ ᠶᠢᠨ ᠡᠨᠧᠷᠭᠢ ᠶᠢᠨ ︽ᠲᠠᠪᠤᠨ ᠶᠡᠭᠡ ᠠᠵᠤ ᠠᠬᠤᠢ︾ ᠶᠢ ᠬᠥᠭᠵᠢᠭᠦᠯᠵᠦ᠂ ︽ᠨᠢᠭᠡ ᠣᠷᠣᠨ ᠬᠤᠶᠠᠷ ᠬᠦᠢᠰᠦ ᠭᠤᠷᠪᠠᠨ ᠰᠠᠭᠤᠷᠢᠨ︾ ᠢ ᠬᠦᠴᠦᠷᠬᠡᠭᠵᠢᠭᠦᠯᠦᠨ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠤᠯᠠᠭᠠᠨᠴᠠᠪ ᠲᠤ ᠦᠨᠳᠦᠰᠦᠯᠡᠭᠦᠯᠦᠨ᠂ ᠴᠡᠴᠡᠭᠯᠡᠨ ᠵᠢᠮᠢᠰᠯᠡᠭᠦᠯᠬᠦ ᠶᠢ ᠦᠨᠡᠨᠬᠦ ᠪᠠᠲᠤᠯᠠᠨ᠎ᠠ ᠭᠡᠵᠡᠢ᠃    ᠨᠢᠭᠡ ᠳᠤ ᠦᠶᠯᠡᠳᠬᠦ ᠦᠢᠯᠡᠰ ᠤᠨ ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠥᠷ ᠮᠣᠩᠭᠤᠯ ᠤᠨ ᠲᠡᠷᠢᠭᠦᠨ ᠤ ᠦᠶᠯᠡᠳᠬᠦ ᠦᠢᠯᠡᠰ ᠲᠥᠪᠯᠡᠷᠡᠭᠰᠡᠨ ᠣᠷᠣᠨ ᠢ ᠲᠦᠷᠭᠡᠪᠴᠢᠯᠡᠨ ᠪᠦᠲᠦᠭᠡᠨ ᠪᠠᠶᠢᠭᠤᠯᠤᠨ᠎ᠠ᠃ ᠤᠯᠠᠭᠠᠨᠴᠠᠪ ᠬᠤᠳᠠ ᠶᠢᠨ ᠬᠢᠨ ᠳᠡᠭᠡᠳᠦ ᠳᠡᠰᠵᠢᠭᠦᠯᠬᠦ᠂ ᠣᠶᠤᠨᠴᠢᠯᠠᠬᠤ᠂ ᠪᠣᠬᠢᠷᠳᠤᠯ ᠦᠭᠡᠢ ᠪᠣᠯᠭᠠᠬᠤ ᠴᠢᠭᠯᠡᠯ ᠢ ᠲᠣᠭᠲᠠᠭᠠᠵᠤ᠂ ᠡᠨᠧᠷᠭᠢ ᠬᠠᠳᠠᠭᠠᠯᠠᠬᠤ᠂ ᠳᠤᠮᠳᠠ ᠳᠡᠭᠡᠳᠦ ᠳᠡᠰ ᠤᠨ ᠬᠢᠮᠢ ᠶᠢᠨ ᠠᠵᠤ ᠦᠢᠯᠡᠳᠪᠦᠷᠢ᠂ ᠠᠮᠢᠳᠤ ᠪᠣᠳᠠᠰ ᠤᠨ ᠡᠮ ᠦᠢᠯᠡᠳᠬᠦ᠂ ᠲᠥᠮᠥᠰᠥ ᠡᠳ᠋ᠰᠢᠭᠦᠯᠬᠦ᠂ ᠪᠢᠯᠢᠭ ᠲᠤᠶᠢᠯ ᠤᠨ ᠮᠠᠲ᠋ᠧᠷᠢᠶᠠᠯ᠂ ᠰᠠᠯᠬᠢᠨ ᠤ ᠡᠨᠧᠷᠭᠢ ᠭᠡᠷᠡᠯ ᠸᠣᠯᠲ ᠤᠨ ᠲᠤᠨᠤᠭ ᠲᠥᠬᠦᠭᠡᠷᠦᠮᠵᠢ ᠦᠢᠯᠡᠳᠬᠦ ᠪᠠ ᠤᠰᠤᠲᠥ᠋ᠷᠥᠭᠴᠢ ᠦᠢᠯᠡᠳᠬᠦ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠤᠯᠤᠰ ᠤᠨ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠲᠣᠭᠲᠠᠭᠤᠨ ᠢ ᠬᠠᠮᠠᠭᠠᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠪᠠᠷ ᠪᠠᠶᠢᠨ᠎ᠠ᠃    ᠬᠤᠶᠠᠷ ᠲᠤ ︽ᠵᠡᠭᠦᠨ ᠣᠷᠣᠨ ᠤ ᠲᠤᠭ᠎ᠠ ᠪᠠᠷᠢᠮᠲᠠ ᠶᠢ ᠪᠠᠷᠠᠭᠤᠨ ᠣᠷᠣᠨ ᠳᠤ ᠰᠢᠢᠳᠪᠦᠷᠢᠯᠡᠬᠦ︾ ᠪᠠ ᠤᠮᠠᠷᠠᠰᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠪᠣᠳᠣᠬᠤ ᠬᠦᠴᠦᠨ ᠤ ᠰᠦᠯᠵᠢᠶᠡᠨ ᠤ ᠤᠯᠤᠰ ᠤᠨ ᠬᠦᠢᠰᠦ ᠴᠡᠭ ᠪᠠ ᠡᠬᠡ ᠬᠠᠭᠤᠷᠠᠢ ᠶᠢᠨ ᠭᠠᠷᠠᠮ ᠤᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠲᠦᠷᠭᠡᠪᠴᠢᠯᠡᠨ ᠪᠠᠶᠢᠭᠤᠯᠤᠨ᠎ᠠ᠃ ᠤᠯᠠᠭᠠᠨᠴᠠᠪ ᠬᠤᠳᠠ ᠶᠢᠨ ᠬᠢᠨ ᠲᠣᠭᠠᠴᠢᠯᠠᠭᠰᠠᠨ ᠠᠵᠤ ᠦᠢᠯᠡᠰᠵᠢᠯᠲᠡ ᠪᠠ ᠠᠵᠤ ᠦᠢᠯᠡᠰ ᠤᠨ ᠲᠣᠭᠠᠴᠢᠯᠠᠯᠲᠠ ᠶᠢ ᠰᠢᠰᠲ᠋ᠧᠮ ᠲᠠᠢ ᠠᠬᠢᠭᠤᠯᠵᠤ᠂ ᠬᠡᠷᠡᠭᠯᠡᠭᠡᠨ ᠤ ᠲᠠᠯᠠᠪᠤᠷ ᠢ ᠢᠳᠡᠪᠬᠢᠲᠡᠢ ᠥᠷᠭᠡᠳᠬᠡᠵᠦ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠦᠯᠦᠭᠵᠢᠯᠲᠡ ᠶᠢᠨ ᠬᠥᠭᠵᠢᠯᠲᠡ ᠶᠢ ᠲᠦᠷᠭᠡᠳᠬᠡᠵᠦ᠂ ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠪᠠᠷ ᠪᠠᠶᠢᠨ᠎ᠠ᠃ ᠡᠭᠦᠨ ᠤ ᠬᠠᠮᠲᠤ᠂ ᠠᠵᠤ ᠦᠢᠯᠡᠰ ᠤᠨ ᠲᠥᠪᠯᠡᠷᠡᠯ ᠢ ᠴᠢᠩᠭᠠᠷᠠᠭᠤᠯᠵᠤ᠂ ᠲᠠᠪᠴᠠᠩ ᠤᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠦᠨ᠂ ᠤᠯᠠᠭᠠᠨᠴᠠᠪ ᠤᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠲᠥᠪᠯᠡᠷᠡᠭᠦᠯᠦᠨ ᠲᠠᠷᠬᠠᠭᠠᠬᠤ ᠲᠥᠪ ᠢ ᠬᠦᠴᠦᠯᠡᠨ ᠪᠠᠶᠢᠭᠤᠯᠵᠤ᠂ ᠭᠠᠳᠠᠭᠰᠢ ᠨᠡᠭᠡᠭᠡᠯᠲᠡ ᠬᠢᠬᠦ ᠬᠢᠷᠢ ᠲᠦᠪᠰᠢᠨ ᠢ ᠪᠥᠬᠦ ᠲᠠᠯ᠎ᠠ ᠪᠠᠷ ᠥᠷᠭᠡᠳᠬᠡᠨ᠂ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃    ᠭᠤᠷᠪᠠ ᠳᠤ ᠤᠯᠤᠰ ᠤᠨ ︽ᠬᠤᠣᠰ ᠨᠡᠭᠦᠷᠡᠰᠦᠲᠥ᠋ᠷᠥᠭᠴᠢ︾ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠪᠡᠷ ᠡᠨᠧᠷᠭᠢ ᠶᠢᠨ ᠰᠠᠭᠤᠷᠢᠨ ᠭᠠᠵᠠᠷ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠪᠣᠯᠣᠨ ᠰᠣᠶᠣᠯ ᠵᠤᠭᠠᠴᠠᠯ ᠡᠷᠡᠭᠦᠯᠵᠢᠯ ᠰᠣᠪᠢᠯᠠᠯᠲᠠ ᠶᠢᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠤᠨ᠎ᠠ᠃ ᠤᠯᠠᠭᠠᠨᠴᠠᠪ ᠬᠤᠲᠠ ᠡᠨᠧᠷᠭᠢ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠰᠠᠯᠬᠢᠨ ᠤ ᠡᠨᠧᠷᠭᠢ ᠭᠡᠷᠡᠯ ᠸᠣᠯᠲ ᠤᠰᠤᠲᠥ᠋ᠷᠥᠭᠴᠢ ᠶᠢᠨ ᠨᠥᠭᠡᠴᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠪᠠ ᠴᠡᠪᠡᠷ ᠡᠨᠧᠷᠭᠢ ᠪᠠᠷ ᠮᠧᠲ᠋ᠢᠯ ᠠᠯᠺᠣᠣᠯ ᠦᠶᠯᠡᠳᠬᠦ ᠶᠢ ᠪᠠᠷᠢᠮᠲᠠᠯᠠᠨ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠪᠴᠢᠶᠡᠵᠢᠭᠦᠯᠦᠨ ᠠᠬᠢᠭᠤᠯᠵᠤ᠂ ᠪᠣᠬᠢᠷᠳᠤᠯ ᠦᠭᠡᠢ ᠡᠨᠧᠷᠭᠢ ᠪᠠᠷ ᠣᠷᠣᠯᠠᠭᠤᠯᠬᠤ ᠠᠯᠬᠤᠴᠠ ᠶᠢ ᠲᠦᠷᠭᠡᠳᠬᠡᠨ᠂ ︽ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠣᠷᠭᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠬᠠᠷᠠᠯᠲᠠ ᠶᠢ ᠪᠡᠶᠡᠯᠡᠭᠦᠯᠬᠦ ᠳᠤ ᠬᠦᠴᠦ ᠨᠡᠮᠡᠷᠢᠯᠡᠨ᠎ᠡ᠃ ᠡᠭᠦᠨ ᠤ ᠬᠠᠮᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ ᠬᠥᠳᠡᠭᠡ ᠠᠵᠤ ᠠᠬᠤᠢ ᠲᠠᠢ ᠬᠤᠯᠪᠣᠭᠠᠯᠠᠵᠤ ᠬᠥᠳᠡᠭᠡ ᠠᠵᠤ ᠠᠬᠤᠢ ᠶᠢ ᠳᠠᠶᠢᠴᠢᠯᠠᠬᠤ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠦᠢᠯᠡᠳᠪᠦᠷᠢᠵᠢᠯᠲᠡ ᠶᠢᠨ ᠰᠡᠳᠬᠢᠬᠦᠢ ᠪᠠᠷ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠶᠢ ᠲᠦᠷᠭᠡᠳᠬᠡᠵᠦ ᠂ ︽ᠳᠤᠮᠳᠠᠳᠤ ᠤᠯᠤᠰ ᠤᠨ ᠲᠥᠮᠥᠰᠥ ᠶᠢᠨ ᠬᠤᠳᠠ︾ ᠶᠢᠨ ᠲᠦᠷᠦᠯ ᠲᠡᠮᠳᠡᠭ ᠢ ᠬᠦᠴᠦᠷᠬᠡᠭᠵᠢᠭᠦᠯᠦᠨ ᠪᠤᠵᠠᠭᠠᠶᠢᠷᠠᠭᠤᠯᠵᠤ᠂ ᠨᠡᠶᠢᠰᠯᠡᠯ ᠳᠤ ᠦᠢᠯᠡᠴᠢᠯᠡᠬᠦ ︽ᠲᠥᠪ ᠲᠣᠭᠤᠭᠠᠨ ᠭᠡᠷ︾ ᠢ ᠴᠣᠭᠴᠠᠯᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠤᠳᠤ ᠦᠶ᠎ᠡ ᠶᠢᠨ ᠪᠣᠯᠪᠠᠰᠤᠨ ᠠᠮᠢᠳᠤᠷᠠᠯ ᠢ ᠬᠠᠮᠲᠤᠪᠠᠷ ᠡᠳ᠋ᠯᠡᠭᠦᠯᠦᠨ᠎ᠡ᠃ ᠰᠣᠶᠣᠯ ᠵᠤᠭᠠᠴᠠᠯ ᠡᠷᠡᠭᠦᠯᠵᠢᠯ ᠰᠤᠪᠢᠯᠠᠯᠲᠠ ᠶᠢᠨ ᠲᠠᠯ᠎ᠠ ᠪᠠᠷ᠂ ᠰᠢᠯᠢᠳᠡᠭ ᠢ ᠪᠠᠳᠠᠷᠠᠭᠤᠯᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠪᠡᠭᠡᠵᠢᠩ ᠤᠨ ᠰᠡᠯᠡᠭᠦᠴᠡᠯ ᠰᠤᠪᠢᠯᠠᠯᠲᠠ ᠶᠢᠨ ︽ᠠᠷᠤ ᠶᠢᠨ ᠴᠡᠴᠡᠷᠯᠢᠭ︾ ᠢ ᠪᠦᠬᠦ ᠬᠦᠴᠦᠨ ᠢᠶᠠᠷ ᠢᠶᠠᠨ ᠴᠣᠭᠴᠠᠯᠠᠨ᠎ᠠ᠃    ᠥᠪᠥᠷ ᠮᠣᠩᠭᠤᠯ ᠪᠠ ᠤᠯᠠᠭᠠᠨᠴᠠᠪ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠴᠢ ᠹᠧᠢ ᠶᠦᠨ ᠲᠠᠪᠤᠨ ᠲᠠᠯ᠎ᠠ ᠶᠢᠨ ᠰᠠᠨᠠᠭᠤᠯᠭ᠎ᠠ ᠳᠤᠷᠠᠳᠪᠠ᠂ ᠨᠢᠭᠡ ᠳᠤ ᠥᠪᠥᠷ ᠮᠣᠩᠭᠤᠯ ᠤᠨ ᠴᠡᠪᠡᠷ ᠡᠨᠧᠷᠭᠢ ᠶᠢᠨ ᠰᠤᠷᠪᠤᠯᠵᠢ ᠶᠢ ᠪᠡᠭᠡᠵᠢᠩ᠂ ᠲᠢᠶᠠᠨᠵᠢᠨ᠂ ᠰᠢᠶᠦ᠋ᠩ ᠠᠨ ᠣᠷᠣᠨ ᠳᠤ ᠰᠢᠭᠤᠳ ᠬᠠᠩᠭᠠᠬᠤ ᠭᠠᠳᠠᠭᠰᠢ ᠬᠦᠷᠭᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠬᠤᠶᠠᠷ ᠲᠤ ︽ᠳᠤᠮᠳᠠᠳᠤ ᠤᠯᠤᠰ ᠤᠨ ᠲᠥᠮᠥᠰᠥ ᠶᠢᠨ ᠬᠤᠲᠠ︾ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠨ᠎ᠡ᠃ ᠭᠤᠷᠪᠠ ᠳᠤ  ᠤᠯᠠᠭᠠᠨᠴᠠᠪ ᠤᠨ ᠪᠥᠬᠦ ᠤᠯᠤᠰ ᠤᠨ ᠨᠢᠭᠡ ᠴᠣᠭᠴᠠᠵᠢᠭᠰᠠᠨ ᠪᠤᠳᠤᠬᠤ ᠬᠦᠴᠦᠨ ᠤ ᠰᠦᠯᠵᠢᠶᠡᠨ ᠤ ᠤᠯᠤᠰ ︵ᠥᠪᠥᠷ ᠮᠣᠩᠭᠤᠯ ᠤᠨ ᠵᠢᠨᠢᠩ︶ ᠤᠨ ᠬᠦᠢᠰᠦ ᠴᠡᠭ ᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠳᠡᠮᠵᠢᠨ᠎ᠡ᠃ ᠳᠥᠷᠪᠡ ᠳᠤ ᠥᠪᠥᠷ ᠮᠣᠩᠭᠤᠯ ᠤᠨ ᠤᠯᠠᠭᠠᠨᠴᠠᠪ ᠬᠤᠲᠠ ᠶᠢ ᠤᠯᠤᠰ ᠤᠨ ᠶᠡᠷᠦᠩᠬᠡᠶᠢᠯᠡᠭᠰᠡᠨ ᠪᠠᠷᠠᠭᠠᠨ ᠤ ᠲᠡᠭᠡᠭᠡᠪᠦᠷᠢ ᠶᠢᠨ ᠬᠦᠢᠰᠦ ᠶᠢᠨ ᠬᠡᠯᠬᠢᠶᠡᠰᠦ ᠶᠢ ᠨᠥᠬᠦᠪᠦᠷᠢᠯᠡᠵᠦ ᠬᠡᠯᠬᠢᠶᠡᠰᠦ ᠶᠢ ᠴᠢᠩᠭᠠᠳᠬᠠᠬᠤ ᠬᠤᠲᠠ ᠳᠤ ᠣᠷᠣᠭᠤᠯᠬᠤ ᠶᠢ ᠳᠡᠮᠵᠢᠨ᠎ᠡ᠃ ᠲᠠᠪᠤ ᠳᠤ ᠥᠪᠥᠷ ᠮᠣᠩᠭᠤᠯ ᠤᠨ ᠥᠨᠳᠥᠷ ᠠᠴᠢᠶᠠᠲᠤ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠨ᠎ᠡ᠃                                                    ᠣᠷᠴᠢᠭᠤᠯᠤᠭᠴᠢ᠄ ᠭᠤᠸ᠎ᠠ                                                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2