ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠤᠶ᠎ᠠ᠄  ᠪᠥᠬᠦ ᠬᠤᠲᠠ ᠶᠢᠨ ᠰᠢᠶᠠᠨ ᠤ ᠭᠠᠵᠠᠷ ᠤᠨ ᠲᠠᠰ ᠤᠨ ᠺᠠᠳ᠋ᠷᠴᠤᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠠᠩᠭᠢ ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄
2023/3/13
   2 ᠰᠠᠷ᠎ᠠ ᠶᠢᠨ 13 ᠤ ᠡᠳᠦᠷ᠂ ᠪᠥᠬᠦ ᠬᠤᠲᠠ ᠶᠢᠨ ᠰᠢᠶᠠᠨ ᠤ ᠭᠠᠵᠠᠷ ᠤᠨ ᠲᠠᠰ ᠤᠨ ᠺᠠᠳ᠋ᠷᠴᠤᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠠᠩᠭᠢ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠰᠤᠷᠤᠯᠭ᠎ᠠ ᠡᠬᠢᠯᠡᠪᠡ ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠨᠠᠮ ᠤᠨ ᠰᠤᠷᠭᠠᠭᠤᠯᠢ ᠶᠢᠨ ᠵᠠᠬᠢᠷᠤᠯ ᠯᠢ ᠶᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠲᠣᠰ ᠤᠳᠠᠭᠠᠨ ᠤ ᠪᠣᠯᠪᠠᠰᠤᠷᠠᠯ ᠤᠨ ᠬᠤᠭᠤᠴᠠᠭ᠎ᠠ ᠨᠢ 5 ᠡᠳᠦᠷ ᠪᠠᠶᠢᠵᠤ᠂ ᠨᠡᠶᠢᠲᠡ 151 ᠰᠢᠶᠠᠨ ᠤ ᠭᠠᠵᠠᠷ ᠤᠨ ᠲᠠᠰ ᠤᠨ ᠺᠠᠳ᠋ᠷ ᠣᠷᠣᠯᠴᠠᠵᠠᠢ᠃ ᠪᠣᠯᠪᠠᠰᠤᠷᠠᠭᠤᠯᠤᠯ ᠳᠤ ᠣᠨᠣᠯ ᠤᠨ ᠬᠥᠮᠦᠵᠢᠯ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ᠂ ᠪᠠᠶᠢᠴᠠᠭᠠᠨ ᠰᠤᠳᠤᠯᠵᠤ ᠰᠤᠷᠤᠯᠴᠠᠬᠤ᠂ ᠲᠤᠬᠠᠢ ᠶᠢᠨ ᠭᠠᠵᠠᠷ ᠲᠤᠨᠢ ᠵᠢᠭᠠᠨ ᠰᠤᠷᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠦᠬᠦ ᠬᠤᠲᠠ ᠶᠢᠨ ᠰᠢᠶᠠᠨ ᠤ ᠭᠠᠵᠠᠷ ᠤᠨ ᠳᠡᠰ ᠤᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ ᠪᠠ ᠪᠠᠶᠠᠯᠢᠭ ᠠᠭᠤᠯᠬᠤᠨ ᠢ ᠣᠨᠣᠪᠴᠢᠲᠠᠶ ᠡᠵᠡᠮᠰᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠬᠠᠮᠲᠤ ᠦᠨᠡᠨᠬᠦ ᠠᠳᠬᠤᠵᠤ ᠪᠣᠳᠠᠲᠠᠢ ᠠᠵᠢᠯᠯᠠᠬᠤ ᠠᠵᠢᠯ ᠤᠨ ᠰᠤᠷᠲᠠᠯ ᠢᠶᠠᠷ᠂ ︽ᠭᠠᠪᠢᠶ᠎ᠠ ᠵᠢᠳᠬᠦᠯ ᠨᠢ ᠨᠠᠳᠠ ᠳᠤ ᠪᠠᠶᠢᠬᠤ ᠪᠢᠰᠢ︾ ᠬᠡᠬᠦᠳᠡᠭ ᠴᠡᠭᠡᠵᠢ ᠪᠠ ︽ᠭᠠᠪᠢᠶ᠎ᠠ ᠵᠢᠳᠬᠦᠯ ᠪᠠᠶᠢᠭᠤᠯᠬᠤ ᠳᠤ ᠡᠷᠬᠡᠪᠰᠢ ᠪᠢ ᠪᠠᠶᠢᠬᠤ ᠬᠡᠷᠡᠭᠲᠡᠢ︾ ᠭᠡᠬᠦ ᠰᠡᠳᠬᠢᠯᠭᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠳᠤ ᠢᠳᠡᠪᠬᠢᠲᠡᠢ ᠣᠷᠣᠯᠴᠠᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠠᠪᠤᠴᠠ ᠳᠤ ᠤᠯᠠᠭᠠᠨᠴᠠᠪ ᠤᠨ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠦᠨ᠎ᠡ᠃                                                       ᠣᠷᠴᠢᠭᠤᠯᠤᠭᠴᠢ᠄ ᠭᠤᠸ᠎ᠠ                                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2