ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠤᠶ᠎ᠠ᠄  ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2023/3/13
    2 ᠰᠠᠷ᠎ᠠ ᠶᠢᠨ 21 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠷᠠᠯ ᠡᠷᠬᠢᠯᠡᠵᠤ ᠶᠠᠷᠢᠶ᠎ᠠ ᠲᠠᠯᠪᠢᠪᠠ᠃     ᠰᠦᠢ ᠸᠧᠢ ᠵᠢᠶᠦ᠋ᠨ ᠬᠡᠯᠡᠬᠦ ᠳᠡᠭᠡᠨ᠂ ︽ᠲᠤᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭᠠᠨ ᠤ ᠬᠦᠯᠢᠶᠡᠰᠦᠯᠡᠯ ᠢ ᠡᠪᠳᠡᠵᠦ᠂ ᠣᠶᠢᠯᠠᠭᠠᠭᠳᠠᠬᠤᠨ ᠤ ᠬᠦᠯᠢᠶᠡᠰᠦᠯᠡᠯ ᠢ ᠡᠪᠳᠡᠵᠦ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ ᠶᠢ ᠬᠥᠭᠵᠢᠭᠡᠵᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠᠷ ᠨᠢᠭᠡᠳᠦᠯᠲᠡᠢ ᠵᠢᠯᠣᠭᠤᠳᠤᠭᠤᠯᠵᠤ᠂ ︽ᠲᠠᠪᠤᠨ ᠶᠡᠭᠡ ᠠᠵᠤ ᠠᠬᠤᠢ︾ ᠶᠢ ᠬᠥᠭᠵᠢᠭᠦᠯᠬᠦ ᠪᠠᠷ ᠭᠠᠷᠳᠠᠴᠠ ᠪᠣᠯᠭᠠᠵᠤ᠂ ᠮᠠᠨ ᠤ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠳᠤᠮᠳᠠ ᠤᠯᠠᠭᠠᠨᠴᠠᠪ ᠤᠨ ︽ᠬᠤᠷᠳᠤᠴᠠ︾ ᠶᠢ ᠨᠡᠮᠡᠭᠳᠡᠭᠦᠯᠬᠦ ᠬᠡᠷᠡᠭᠲᠡᠢ ᠭᠡᠪᠡ᠃     ᠰᠦᠢ ᠸᠧᠢ ᠵᠢᠶᠦ᠋ᠨ ᠬᠡᠯᠡᠬᠦ ᠳᠡᠭᠡᠨ᠂ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠢ ᠤᠶᠠᠯᠳᠤᠭᠤᠯᠵᠤ᠂ ᠤᠳᠠᠯ ᠦᠭᠡᠢ ᠥᠷᠨᠢᠭᠦᠯᠬᠦ ᠭᠡᠵᠦ ᠪᠠᠶᠢᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ︽ᠢᠯᠡ ᠪᠣᠯᠭᠠᠬᠤ ᠶᠢ ᠠᠳᠠᠯᠢᠳᠬᠠᠬᠤ︾ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠲᠠᠢ ᠤᠶᠠᠯᠳᠤᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠰᠢᠢᠳᠪᠦᠷᠢᠯᠡᠬᠦ ᠲᠠᠢ ᠤᠶᠠᠯᠳᠤᠭᠤᠯᠵᠤ᠂ ᠰᠤᠷᠤᠯᠴᠠᠬᠤ ᠬᠡᠯᠪᠡᠷᠢ ᠶᠢ ᠤᠯᠠᠮ ᠴᠢᠨᠠᠭᠰᠢᠳᠠ ᠪᠠᠶᠠᠯᠢᠭᠵᠢᠭᠤᠯᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠠᠵᠢᠯ ᠤᠨ ᠲᠥᠯᠥᠪᠯᠡᠭᠡ ᠪᠠᠨ ᠨᠠᠷᠢᠯᠢᠭᠵᠢᠭᠤᠯᠵᠤ ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢᠨ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃                                                      ᠣᠷᠴᠢᠭᠤᠯᠤᠭᠴᠢ᠄ ᠭᠤᠸ᠎ᠠ                                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2