ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/17
    3 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ︽ᠨᠠᠮ ᠤᠨ ᠪᠠᠶᠢᠭᠤᠯᠤᠯᠲᠠ ᠶᠢ ᠪᠠᠷᠢᠮᠲᠠᠯᠠᠵᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠵᠤ ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ︽ᠤᠯᠠᠭᠠᠨᠴᠠᠪ ᠬᠤᠲᠠ ᠶᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠬᠡᠷᠡᠭᠵᠢᠭᠦᠯᠬᠦ ᠲᠥᠰᠥᠯ︾ ︽ᠪᠥᠬᠦ ᠤᠯᠤᠰ ᠤᠨ ᠨᠢᠭᠡ ᠴᠣᠭᠴᠠᠵᠢᠭᠰᠠᠨ ᠪᠤᠳᠤᠬᠤ ᠬᠦᠴᠦᠨ ᠤ ᠰᠦᠯᠵᠢᠶ᠎ᠡ ᠶᠢᠨ ᠤᠯᠤᠰ ᠤᠨ ᠬᠦᠢᠰᠦ ᠴᠡᠭ ᠪᠣᠯᠬᠤ ᠥᠪᠥᠷ ᠮᠣᠩᠭᠤᠯ ᠤᠨ ᠬᠦᠢᠰᠦ ᠶᠢᠨ ᠵᠢᠨᠢᠩ ᠤᠨ ᠵᠠᠯᠭᠠᠯᠳᠤᠭᠰᠠᠨ ᠣᠷᠣᠨ ᠤ ᠬᠥᠭᠵᠢᠯᠲᠡ ᠶᠢᠨ ᠲᠥᠯᠦᠪᠵᠢᠭᠦᠯᠭᠡ ︵2023 ︱2025︶︾ ︽ᠥᠪᠥᠷ ᠮᠣᠩᠭᠤᠯ ᠤᠨ ᠳᠣᠯᠣᠳᠤᠭᠠᠷ ᠰᠤᠮᠤ ᠶᠢᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠠᠵᠤ ᠦᠢᠯᠡᠰ ᠤᠨ ᠬᠦᠷᠢᠶᠡᠯᠡᠩ ᠤᠨ ᠤᠯᠤᠰ ᠤᠨ ᠭᠠᠳᠠᠭᠠᠳᠤ  ᠠᠴᠠ ᠣᠷᠣᠭᠤᠯᠬᠤ ᠠᠷᠠᠯᠵᠢᠶ᠎ᠠ ᠶᠢ ᠠᠬᠢᠭᠤᠯᠬᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠬᠤ ᠬᠡᠷᠡᠭᠵᠢᠭᠦᠯᠬᠦ ᠲᠥᠰᠥᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶ᠎ᠠ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ  ᠲᠤᠭᠤᠰᠢᠯᠠᠭᠤᠯᠬᠤ ᠶᠠᠪᠤᠳᠠᠯ ᠢ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠪᠥᠬᠦ ᠤᠯᠤᠰ ᠤᠨ ᠬᠤᠶᠠᠷ ᠬᠤᠷᠠᠯ ᠠᠴᠠ ᠲᠣᠭᠲᠠᠭᠠᠭᠰᠠᠨ ᠡᠭᠦᠷᠭᠡ ᠶᠢ ᠤᠯᠠᠭᠠᠨᠴᠠᠪ ᠲᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠯᠬᠢᠨ ᠠᠬᠢᠭᠤᠯᠬᠤ ᠬᠡᠷᠡᠭᠲᠡᠢ᠃ ᠲᠦᠷᠦᠯ ᠵᠦᠢᠯ ᠢ ᠣᠷᠣᠭᠤᠯᠤᠨ ᠠᠪᠴᠢᠷᠠᠬᠤ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠨ ᠪᠣᠳᠠᠲᠠᠢ ᠠᠳᠬᠤᠵᠤ᠂ ᠮᠠᠯ ᠠᠵᠤ ᠠᠬᠤᠢ ᠲᠠᠷᠢᠶᠠᠯᠠᠩ ᠢ ᠬᠦᠴᠦᠷᠬᠡᠭᠵᠢᠭᠦᠯᠦᠨ ᠪᠤᠵᠠᠭᠠᠶᠢᠷᠠᠭᠤᠯᠬᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠦᠢᠯᠡᠴᠢᠯᠡᠭᠡᠨ ᠤ ᠦᠢᠯᠡᠰ ᠢ ᠰᠡᠷᠭᠦᠭᠡᠨ ᠬᠥᠭᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ︽ᠲᠠᠪᠤᠨ ᠪᠠᠶᠢᠷᠢ︾ ᠶᠢᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ 2.0 ᠢᠶᠠᠷ ᠰᠠᠶᠢᠲᠤᠷ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠪᠡᠶᠡᠯᠡᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠪᠣᠬᠢᠷᠳᠤᠯ ᠦᠭᠡᠢ ᠡᠨᠧᠷᠭᠢ ᠪᠠᠷ ᠣᠷᠣᠯᠠᠭᠤᠯᠬᠤ ᠠᠯᠬᠤᠴᠠ ᠶᠢ ᠲᠦᠷᠭᠡᠳᠬᠡᠵᠦ᠂ ᠲᠦᠷᠦ ᠶᠢᠨ ᠪᠣᠳᠣᠯᠭ᠎ᠠ ᠶᠢᠨ ᠪᠠᠲᠤᠯᠠᠭ᠎ᠠ ᠪᠠ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠨᠧᠷᠭᠢ ᠶᠢᠨ ᠰᠢᠰᠲ᠋ᠧᠮ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ︽ᠵᠡᠭᠦᠨ ᠣᠷᠣᠨ ᠤ ᠲᠤᠭ᠎ᠠ ᠪᠠᠷᠢᠮᠲᠠ ᠶᠢ ᠪᠠᠷᠠᠭᠤᠨ ᠣᠷᠣᠨ ᠳᠤ ᠰᠢᠢᠳᠪᠦᠷᠢᠯᠡᠬᠦ︾ ᠵᠡᠷᠭᠡ ᠴᠢᠬᠤᠯᠠ ᠶᠡᠭᠡ ᠠᠵᠠ ᠲᠣᠬᠢᠶᠠᠯ ᠢ ᠠᠮᠵᠢᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠵᠣᠬᠢᠰᠲᠠᠢ ᠰᠢᠯᠢᠳᠡᠭᠵᠢᠭᠦᠯᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠰᠢᠰᠲ᠋ᠧᠮ ᠢ ᠪᠠᠶᠢᠭᠤᠯᠵᠤ᠂ ᠲᠣᠭᠠᠴᠢᠯᠠᠭᠰᠠᠨ ᠴᠢᠳᠠᠪᠤᠷᠢ ᠪᠠᠷ ᠴᠢᠨᠠᠷ ᠰᠠᠶᠢᠲᠠᠢ ᠬᠥᠭᠵᠢᠭᠦᠯᠬᠦ ᠬᠡᠷᠡᠭᠲᠡᠢ᠃ ᠥᠪᠥᠷ ᠮᠣᠩᠭᠤᠯ ᠤᠨ ᠳᠣᠯᠣᠳᠤᠭᠠᠷ ᠰᠤᠮᠤᠨ ᠤ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠠᠵᠤ ᠦᠢᠯᠡᠰ ᠤᠨ ᠬᠦᠷᠢᠶᠡᠯᠡᠩ ᠤᠨ ᠤᠯᠤᠰ ᠤᠨ ᠭᠠᠳᠠᠭᠠᠳᠤ ᠠᠴᠠ ᠣᠷᠣᠭᠤᠯᠬᠤ ᠠᠷᠠᠯᠵᠢᠶ᠎ᠠ ᠶᠢ ᠠᠬᠢᠭᠤᠯᠬᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠵᠦ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠶᠢ ᠶᠡᠬᠡᠪᠡᠷ ᠬᠥᠭᠵᠢᠭᠦᠯᠦᠨ᠂ ᠠᠷᠠᠯᠵᠢᠶᠠᠨ ᠤ ᠬᠡᠮᠵᠢᠶ᠎ᠡ ᠶᠢ ᠶᠡᠬᠡᠰᠬᠡᠵᠦ᠂ ᠡᠬᠡ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠬᠦᠴᠦᠯᠡᠨ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃                                                         ᠣᠷᠴᠢᠭᠤᠯᠤᠭᠴᠢ᠄ ᠭᠤᠸ᠎ᠠ                                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2