ᠴᠢ ᠹᠧᠢ ᠶᠦᠨ ᠪᠥᠬᠦ ᠤᠯᠤᠰ ᠤᠨ ᠪᠣᠯᠪᠠᠰᠤᠨ ᠬᠤᠲᠠ ᠪᠠ ᠢᠳᠡᠭᠡᠨ ᠤ ᠠᠮᠤᠷ ᠲᠦᠪᠰᠢᠨ ᠤ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠰᠢᠪᠠᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2023/3/2
   2 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠵᠢᠨᠢᠩ ᠲᠣᠭᠤᠷᠢᠭ ᠲᠤ ᠪᠥᠬᠦ ᠤᠯᠤᠰ ᠤᠨ ᠪᠣᠯᠪᠠᠰᠤᠨ ᠬᠤᠲᠠ ᠪᠠ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠢ ᠪᠠᠶᠢᠴᠠᠭᠠᠨ ᠰᠤᠳᠤᠯᠪᠠ᠃    ᠵᠢᠨᠢᠩ ᠤᠨ ᠵᠧᠵᠢᠶᠠᠩ ᠤᠨ ᠵᠢᠵᠢᠭ ᠲᠠᠸᠠᠷ ᠤᠨ ᠵᠠᠬ᠎ᠠ ᠪᠣᠯᠣᠨ ᠬᠤ᠋ ᠱᠠᠨ ᠵᠡᠭᠡᠯᠢ ᠭᠤᠳᠤᠮᠵᠢ ᠶᠢᠨ ᠵᠢᠶᠠᠨ ᠴᠢᠶᠣᠤ ᠨᠡᠶᠢᠭᠡᠮ ᠲᠣᠭᠤᠷᠢᠭ ᠲᠤ᠂ ᠴᠢ ᠹᠧᠢ ᠶᠦᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠭᠰᠠᠨ᠂ ᠲᠡᠷᠭᠡ ᠬᠥᠰᠬᠡ ᠵᠣᠭᠰᠣᠭᠰᠠᠨ᠂ ᠠᠷᠠᠯᠵᠢᠶ᠎ᠠ ᠬᠤᠳᠠᠯᠳᠤᠭᠠᠨ ᠤ ᠵᠠᠬ᠎ᠠ ᠳᠡᠯᠭᠡᠭᠦᠷ ᠤᠨ ᠳᠡᠭᠡᠭᠰᠢᠯᠡᠯᠲᠡ᠂ ᠠᠷᠤ ᠭᠤᠳᠤᠮᠵᠢ ᠶᠢᠨ ᠵᠠᠰᠠᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠪᠣᠯ ᠬᠤᠳᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠬᠤᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠠᠷᠠᠳ ᠤᠯᠠᠨ ᠳᠤ ᠪᠤᠶᠠᠨ ᠦᠢᠯᠡᠳᠬᠦ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠲᠠᠢ ᠣᠷᠣᠨ ᠪᠦᠰᠡ ᠪᠣᠯᠣᠨ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠴᠡᠭᠴᠡᠯᠡᠨ ᠵᠠᠰᠠᠵᠤ ᠰᠠᠶᠢᠵᠢᠷᠠᠭᠤᠯᠬᠤ ᠪᠠᠶᠢᠩᠭᠤ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠲᠠᠷᠢᠶᠠᠯᠠᠩ ᠤᠨ ᠠᠷᠠᠯᠵᠢᠶ᠎ᠠ᠂ ᠠᠷᠠᠯᠵᠢᠶ᠎ᠠ ᠬᠤᠳᠠᠯᠳᠤᠭᠠᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠮ ᠡᠵᠡᠯᠡᠨ ᠡᠵᠡᠩᠨᠡᠬᠦ᠂ ᠡᠭᠦᠳᠡ ᠳᠠᠪᠠᠵᠤ ᠡᠵᠡᠩᠨᠡᠬᠦ᠂ ᠲᠡᠷᠭᠡ ᠬᠥᠰᠬᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠠᠭᠠᠷ ᠲᠠᠬᠢ ︽ᠱᠤᠭᠤᠮ︾ ᠪᠠ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠲᠣᠪᠣᠶᠢᠮ᠎ᠠ ᠠᠰᠠᠭᠤᠳᠠᠯ ᠢ ᠪᠥᠬᠦ ᠲᠠᠯ᠎ᠠ ᠪᠠᠷ ᠴᠡᠭᠴᠡᠯᠡᠨ ᠵᠠᠰᠠᠵᠤ᠂ ᠪᠣᠯᠪᠠᠰᠤᠨ ᠬᠤᠲᠠ ᠶᠢ ᠪᠠᠶᠢᠭᠤᠯᠬᠤ ᠢᠯᠡᠷᠬᠡᠶᠢᠯᠡᠯ ᠤᠨ ᠫᠠᠶᠢᠰᠠ᠂ ᠰᠠᠭᠠᠳ ᠦᠭᠡᠢ ᠪᠡᠯᠡᠳᠬᠡᠮᠵᠢ᠂ ᠵᠠᠮ ᠬᠠᠷᠢᠯᠴᠠᠭᠠᠨ ᠤ ᠲᠡᠮᠳᠡᠭ ᠵᠢᠷᠤᠭᠠᠰᠤ ᠶᠢ ᠵᠦᠢ ᠵᠣᠬᠢᠰᠲᠠᠢ ᠪᠠᠶᠢᠷᠢᠯᠠᠭᠤᠯᠵᠤ᠂ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠲᠠᠰᠤᠷᠠᠯᠲᠠ ᠦᠭᠡᠢ ᠪᠠᠬᠢᠵᠢᠭᠦᠯᠦᠨ ᠳᠡᠭᠡᠭᠰᠢᠯᠡᠭᠦᠯᠵᠦ᠂ ᠣᠯᠠᠨ ᠲᠦᠮᠡᠨ ᠳᠤ ᠦᠨᠡᠨᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠲᠠ ᠶᠢᠨ ᠪᠠᠶᠢᠴᠠᠭᠠᠨ ᠰᠢᠯᠭᠠᠬᠤ ᠲᠥᠪ ᠲᠤ᠂ ᠴᠢ ᠹᠧᠢ ᠶᠦᠨ ᠪᠠᠶᠢᠴᠠᠭᠠᠨ ᠰᠢᠯᠭᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠪᠠᠶᠢᠴᠠᠭᠠᠨ ᠰᠢᠯᠭᠠᠬᠤ ᠴᠢᠳᠠᠪᠤᠷᠢ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠪᠠ᠃ ᠲᠡᠷᠡ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠦᠪᠰᠢᠨ ᠢᠶᠠᠨ ᠴᠢᠨᠠᠭᠰᠢᠳᠠ ᠳᠡᠭᠡᠭᠰᠢᠯᠡᠭᠦᠯᠵᠦ᠂ ᠢᠳᠡᠭᠡᠨ᠂ ᠡᠮ ᠤᠨ ᠵᠦᠢᠯ ᠵᠡᠷᠭᠡ ᠶᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠳᠤ ᠨᠡᠩ ᠪᠠᠲᠤ ᠴᠢᠩᠭ᠎ᠠ ᠮᠡᠷᠭᠡᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠲᠠ ᠶᠢᠨ ᠤᠳᠤᠷᠢᠳᠤᠯᠭ᠎ᠠ ᠶᠤᠸᠠᠢ ᠶᠠᠨ ᠮᠧᠶ᠂ ᠵᠠᠩ ᠶᠦᠩ ᠸᠧᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                        ᠣᠷᠴᠢᠭᠤᠯᠤᠭᠴᠢ᠄ ᠭᠤᠸ᠎ᠠ                                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2