ᠰᠢᠩ ᠡᡁᠧ ᠰᠢᠶᠠᠨ ᠤ ᠵᠠᠰᠠᠭ ᠤᠨ ᠣᠷᠳᠣᠨ ᠷᠦᠨ ᠰᠢᠶᠠᠩ ᠥᠭᠡᠬᠦᠨ ᠴᠢᠯᠠᠭᠤ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠲᠠᠢ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠡ
ᠨᠡᠶᠢᠲᠡᠯᠡᠭᠰᠡᠨ ᠴᠠᠭ᠄
2023/3/2
    2 ᠰᠠᠷ᠎ᠠ ᠶᠢᠨ 28  ᠤ ᠡᠳᠦᠷ᠂ ᠰᠢᠩ ᠡᡁᠧ ᠰᠢᠶᠠᠨ ᠤ ᠵᠠᠰᠠᠭ ᠤᠨ ᠣᠷᠳᠣᠨ ᠷᠦᠨ ᠰᠢᠶᠠᠩ ᠥᠭᠡᠬᠦᠨ ᠴᠢᠯᠠᠭᠤ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠲᠠᠢ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ᠃     ᠣᠲᠤᠭ ᠬᠤᠰᠢᠭᠤᠨ ᠤ ᠷᠦᠨ ᠰᠢᠶᠠᠩ ᠥᠭᠡᠬᠦᠨ ᠴᠢᠯᠠᠭᠤ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠰᠢᠩ ᠾᠧ ᠰᠢᠶᠠᠨ ᠳᠤ 12 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 26 ᠲᠦᠮᠡᠨ ᠲᠣᠨ ᠣᠯᠠᠨ ᠲᠠᠯᠠᠰᠲᠤ ᠴᠠᠬᠢᠭᠤᠷ ᠤᠨ ᠦᠢᠯᠡᠳᠪᠦᠷᠢᠯᠡᠯ ᠵᠢᠴᠢ ᠢᠵᠢ ᠪᠦᠷᠢᠳᠦᠭᠰᠡᠨ ᠰᠢᠨ᠎ᠡ ᠡᠨᠧᠷᠭᠢ ᠶᠢᠨ ᠠᠵᠤ ᠦᠢᠯᠡᠰ ᠤᠨ ᠲᠥᠷᠥᠯ ᠵᠦᠢᠯ ᠢ ᠪᠠᠶᠢᠭᠤᠯᠬᠤ ᠪᠠᠷ ᠪᠣᠶ᠃ ᠬᠤᠶᠠᠷ ᠲᠠᠯ᠎ᠠ ᠶᠢᠨ ᠡᠨᠡ ᠤᠳᠠᠭ᠎ᠠ ᠶᠢᠨ ᠬᠠᠮᠲᠤᠷᠠᠯᠴᠠᠭ᠎ᠠ ᠨᠢ ᠲᠤᠰ ᠲᠤᠰ ᠤᠨ ᠡᠬᠢ ᠪᠠᠶᠠᠯᠢᠭ ᠢᠶᠠᠨ ᠠᠰᠢᠭᠯᠠᠨ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠥᠷᠨᠢᠭᠦᠯᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠲᠡᠵᠦ᠂ ᠬᠠᠮᠲᠤᠪᠠᠷ ᠵᠠᠬ᠎ᠠ ᠳᠡᠯᠭᠡᠭᠦᠷ ᠢ ᠨᠡᠭᠡᠭᠡᠵᠦ᠂ ᠬᠥᠭᠵᠢᠯᠲᠡ ᠶᠢ ᠰᠦᠪᠡᠭᠴᠢᠯᠡᠬᠦ ᠶᠢᠨ ᠲᠥᠯᠥᠭᠡ ᠶᠤᠮ᠃ ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢ ᠤᠷᠳᠤ ᠬᠤᠭᠤᠴᠠᠭᠠᠨ ᠤ ᠠᠰᠢᠭ ᠲᠤᠰᠠ ᠶᠢ ᠪᠣᠳᠣᠯᠬᠢᠯᠠᠵᠤ᠂ ᠤᠷᠳᠤ ᠬᠤᠭᠤᠴᠠᠭᠠᠨ ᠤ᠂ ᠦᠷᠭᠦᠯᠵᠢᠯᠡᠬᠦ ᠬᠠᠮᠲᠤᠷᠠᠯᠴᠠᠭᠠᠨ ᠤ ᠬᠠᠷᠢᠯᠴᠠᠭ᠎ᠠ ᠶᠢ ᠪᠠᠶᠢᠭᠤᠯᠬᠤ ᠪᠠᠷ ᠴᠢᠷᠮᠠᠶᠢᠵᠤ᠂ ᠰᠢᠩ ᠡᡁᠧ ᠰᠢᠶᠠᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠎ᠠ᠃                              ᠤᠷᠴᠢᠭᠤᠯᠤᠭᠴᠢ᠄ ᠬᠦᠰᠡᠯ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2