ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠬᠤ ᠤᠰᠤ ᠨᠥᠬᠦᠪᠦᠷᠢᠯᠡᠬᠦ ᠢᠨᠵᠧᠨᠧᠷᠢᠩ ᠳᠠᠭ᠎ᠠ ᠶᠢᠨ ᠨᠠᠭᠤᠷ ᠲᠤ 1000 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠨᠥᠬᠦᠪᠦᠷᠢᠯᠡᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/3/2
    ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠬᠤ ᠤᠰᠤ ᠨᠥᠬᠦᠪᠦᠷᠢᠯᠡᠬᠦ ᠢᠨᠵᠧᠨᠧᠷᠢᠩ ᠡᠪᠦᠯ ᠤᠨ ᠤᠯᠠᠷᠢᠯ ᠳᠤ ᠤᠰᠤ ᠨᠥᠬᠦᠪᠦᠷᠢᠯᠡᠬᠦ ᠠᠵᠢᠯ ᠡᠬᠢᠯᠡᠭᠰᠡᠨ ᠠᠴᠠ ᠨᠠᠰᠢ᠂ ᠬᠠᠲᠤᠨ ᠭᠤᠣᠯ ᠤᠨ ᠤᠰᠤ 134.24 KM ᠶᠢᠨ ᠤᠰᠤ ᠳᠠᠮᠵᠢᠭᠤᠯᠬᠤ ᠬᠤᠭᠤᠯᠠᠢ ᠪᠠᠷ ᠯᠢᠶᠡᠩᠴᠧᠩ ᠰᠢᠶᠠᠨ ᠤ ᠬᠥᠩ ᠪᠠ ᠾᠧ ᠭᠤᠣᠯ ᠤᠨ ᠤᠰᠤ ᠭᠠᠷᠬᠤ ᠠᠮᠠᠰᠠᠷ ᠲᠤ ᠬᠦᠷᠭᠡᠭᠳᠡᠵᠦ᠂ ᠳᠠᠭ᠎ᠠ ᠶᠢᠨ ᠨᠠᠭᠤᠷ ᠤᠨ ᠬᠥᠩ ᠪᠠ ᠾᠧ ᠭᠤᠣᠯ ᠤᠨ ᠠᠮᠠᠰᠠᠷ ᠢ ᠬᠠᠰᠢᠬᠤ ᠢᠨᠵᠧᠨᠧᠷᠢᠩ ᠢᠶᠠᠷ ᠳᠡᠮᠵᠢᠨ ᠴᠡᠪᠡᠷᠰᠢᠭᠰᠡᠨ ᠤ ᠳᠠᠷᠠᠭ᠎ᠠ ᠳᠠᠭ᠎ᠠ ᠶᠢᠨ ᠨᠠᠭᠤᠷ ᠲᠤ ᠤᠷᠤᠰᠤᠨ ᠣᠷᠣᠪᠠ᠃     2 ᠰᠠᠷ᠎ᠠ ᠶᠢᠨ 27  ᠤ ᠦᠳᠡ ᠶᠢᠨ ᠡᠮᠦᠨᠡᠬᠢ 10 ᠴᠠᠭ ᠪᠣᠯᠲᠠᠯ᠎ᠠ᠂ ᠬᠠᠳᠤᠨ ᠭᠤᠣᠯ ᠲᠠᠭ᠎ᠠ ᠶᠢᠨ ᠨᠠᠭᠤᠷ ᠲᠤ 1000 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠨᠥᠬᠦᠪᠦᠷᠢᠯᠡᠬᠦ ᠶᠢ ᠠᠮᠵᠢᠯᠲᠠ ᠲᠠᠢ ᠪᠡᠶᠡᠯᠡᠭᠦᠯᠵᠦ᠂ ᠲᠠᠭ᠎ᠠ ᠶᠢᠨ ᠨᠠᠭᠤᠷ ᠲᠤ ᠪᠦᠬᠦ ᠵᠢᠯ ᠤᠨ ᠤᠰᠤ ᠨᠥᠬᠦᠪᠦᠷᠢᠯᠡᠬᠦ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂ ᠬᠠᠳᠤᠨ ᠭᠤᠣᠯ ᠤᠨ ᠤᠰᠤᠨ ᠤ ᠬᠠᠩᠭᠠᠯᠭ᠎ᠠ ᠨᠢ ᠴᠦ ᠲᠠᠭ᠎ᠠ ᠶᠢᠨ ᠨᠠᠭᠤᠷ ᠤᠨ ᠨᠢᠭᠤᠷ ᠤᠨ ᠠᠪᠴᠢᠯᠲᠠ ᠶᠢ ᠪᠦᠲᠦᠮᠵᠢᠲᠡᠢ ᠬᠤᠷᠢᠭᠯᠠᠵᠤ᠂ ᠲᠠᠭ᠎ᠠ ᠶᠢᠨ ᠨᠠᠭᠤᠷ ᠤᠨ ᠤᠰᠤᠨ ᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠬᠤ ᠪᠠ ᠲᠠᠭ᠎ᠠ ᠶᠢᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠪᠦᠬᠦᠯᠢ ᠴᠣᠭᠴᠠ ᠶᠢᠨ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠬᠦ ᠳᠤ ᠴᠢᠬᠤᠯᠠ ᠦᠢᠯᠡᠳᠦᠯ ᠦᠵᠡᠭᠦᠯᠵᠡᠢ᠃                              ᠤᠷᠴᠢᠭᠤᠯᠤᠭᠴᠢ᠄ ᠬᠦᠰᠡᠯ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2