| | 3 ᠰᠠᠷ᠎ᠠ ᠶᠢᠨ 17 ᠤ ᠡᠳᠦᠷ᠂ ᠰᠢᠩ ᠾᠧ ᠰᠢᠶᠠᠨ ︽ᠶᠡᠭᠡ ᠰᠣᠷᠪᠤᠯᠵᠢᠯᠠᠭ᠎ᠠ᠂ ᠶᠡᠭᠡ ᠪᠠᠶᠢᠴᠠᠭᠠᠨ | ᠰᠤᠳᠤᠯᠤᠯᠲᠠ︾ ᠶᠢᠨ ᠠᠵᠢᠯᠯᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠠᠴᠠ ᠡᠯ᠎ᠡ | ᠲᠤᠰᠬᠠᠢ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ᠂ ︽ᠶᠡᠭᠡ ᠰᠣᠷᠪᠤᠯᠵᠢᠯᠠᠭ᠎ᠠ᠂ ᠶᠡᠭᠡ ᠪᠠᠶᠢᠴᠠᠭᠠᠨ ᠰᠤᠳᠤᠯᠤᠯᠲᠠ︾ ᠶᠢᠨ ᠠᠵᠢᠯᠯᠠᠭ᠎ᠠ | ᠥᠷᠨᠢᠭᠦᠯᠬᠦ ᠪᠣᠯ ᠰᠢᠩ ᠾᠧ ᠰᠢᠶᠠᠨ ᠤ ᠬᠥᠭᠵᠢᠯᠲᠡ ᠶᠢᠨ ᠪᠦᠬᠦ ᠲᠠᠯ᠎ᠠ ᠳᠤ ᠰᠠᠭᠤᠷᠢᠯᠠᠵᠤ ᠬᠢᠭᠰᠡᠨ ᠴᠢᠬᠤᠯᠠ | ᠠᠵᠢᠯ ᠤᠨ ᠪᠠᠶᠢᠷᠢᠯᠠᠭᠤᠯᠤᠯᠲᠠ ᠪᠣᠯᠣᠨ᠎ᠠ᠂ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠬᠤ ᠪᠠ ᠬᠤᠳᠠᠯᠳᠤᠭ᠎ᠠ | ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ︽ᠪᠣᠭᠤᠮᠢ︾ ᠪᠠ ︽ᠲᠦᠭᠵᠢᠷᠡᠯ︾ ᠤᠨ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠦᠨᠡᠨᠬᠦ ᠳᠡᠭᠡᠭᠰᠢᠯᠡᠭᠦᠯᠬᠦ | ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ | ᠶᠡᠭᠡ ᠰᠣᠷᠪᠤᠯᠵᠢᠯᠠᠭ᠎ᠠ᠂ ᠶᠡᠭᠡ ᠪᠠᠶᠢᠴᠠᠭᠠᠨ ᠰᠤᠳᠤᠯᠤᠯᠲᠠ︾ ᠶᠢᠨ ᠠᠵᠢᠯᠯᠠᠭ᠎ᠠ ᠶᠢᠨ ᠭᠦᠨᠵᠡᠭᠡᠶᠢᠷᠡᠨ | ᠪᠣᠳᠠᠲᠠᠶᠢᠵᠢᠬᠤ ᠶᠢ ᠦᠨᠡᠨ ᠰᠡᠳᠬᠢᠯ ᠠᠴᠠ ᠪᠠᠨ ᠬᠦᠴᠦ ᠣᠷᠣᠭᠤᠯᠤᠨ ᠠᠬᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ︽ᠰᠢᠢᠳᠪᠦᠷᠢᠯᠡᠬᠦ ᠰᠡᠳᠬᠢᠬᠦᠢ︾ ᠶᠢ ᠴᠢᠩᠭᠠᠳᠬᠠᠵᠤ᠂ ︽ᠶᠠᠪᠤᠴᠠ ᠶᠢ ᠴᠢᠬᠤᠯᠠᠴᠢᠯᠠᠬᠤ ᠠᠴᠠ ᠪᠢᠰᠢ | ᠦᠷ᠎ᠡ ᠳ᠋ᠦᠩ ᠢ ᠴᠢᠬᠤᠯᠠᠴᠢᠯᠠᠬᠤ ᠦᠭᠡᠢ︾ ᠭᠡᠬᠦ ᠣᠶᠢᠯᠠᠭᠠᠭᠳᠠᠬᠤᠨ ᠢ ᠡᠷᠡᠰ ᠲᠠᠶᠠᠭᠳᠠᠵᠤ᠂ ︽ᠶᠡᠭᠡ | ᠰᠣᠷᠪᠤᠯᠵᠢᠯᠠᠭ᠎ᠠ᠂ ᠶᠡᠭᠡ ᠪᠠᠶᠢᠴᠠᠭᠠᠨ ᠰᠤᠳᠤᠯᠤᠯᠲᠠ︾ ᠶᠢᠨ ᠠᠵᠢᠯᠯᠠᠭ᠎ᠠ ᠶᠢᠨ ︽ᠰᠡᠭᠦᠯᠴᠢ ᠶᠢᠨ ᠬᠠᠭᠠᠰ ᠬᠡᠰᠡᠭ︾ | ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠠᠵᠤ ᠠᠬᠤᠶᠢᠯᠠᠯ ᠤᠨ ᠲᠦᠷᠦᠯ ᠵᠦᠢᠯ ᠤᠨ ᠬᠡᠷᠡᠭᠴᠡᠭᠡ ᠪᠣᠯᠣᠨ | ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠲᠦᠷᠦᠯ ᠵᠦᠢᠯ ᠢᠶᠠᠷ ᠡᠮᠬᠢᠯᠡᠨ ᠲᠢᠭᠯᠡᠵᠦ ᠡᠬᠡ ᠳᠠᠩᠰᠠ | ᠪᠠᠶᠢᠭᠤᠯᠵᠤ᠂ ᠬᠠᠷᠢᠭᠤᠴᠠᠯᠭᠠᠲᠤ ᠰᠠᠯᠠᠭ᠎ᠠ ᠮᠥᠴᠢᠷ᠂ ᠰᠢᠢᠳᠪᠦᠷᠢᠯᠡᠬᠦ ᠠᠷᠭ᠎ᠠ ᠬᠡᠮᠵᠢᠶ᠎ᠡ᠂ ᠰᠢᠢᠳᠪᠦᠷᠢᠯᠡᠬᠦ ᠴᠠᠭ ᠤᠨ | ᠬᠢᠵᠠᠭᠠᠷ ᠢ ᠲᠣᠳᠣᠷᠬᠠᠶᠢᠯᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ᠂ ᠰᠠᠯᠠᠭ᠎ᠠ | ᠮᠥᠴᠢᠷ ᠤᠳ ᠬᠠᠮᠵᠢᠯᠴᠠᠬᠤ ᠶᠢ ᠴᠢᠩᠭᠠᠳᠬᠠᠵᠤ᠂ ᠬᠤᠷᠴᠠ ᠴᠢᠩᠭ᠎ᠠ ︽ᠡᠵᠡᠨ ᠬᠥᠮᠥᠨ︾ ᠤ ᠵᠣᠷᠢᠭ ᠰᠠᠨᠠᠭ᠎ᠠ | ᠪᠣᠯᠣᠨ ︽ᠦᠢᠯᠡᠴᠢᠯᠡᠭᠴᠢ︾ ᠶᠢᠨ ᠳᠦᠷᠢ ᠲᠥᠷᠬᠦ ᠪᠠᠷ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ | ᠰᠢᠢᠳᠪᠦᠷᠢᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠪᠦᠬᠦ ᠰᠢᠶᠠᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |