ᠬᠤᠲᠠ ᠶᠢᠨ ᠤᠳᠤᠷᠢᠳᠤᠯᠭ᠎ᠠ ᠴᠢ ᠳ᠋ᠢ ᠰᠲ᠋ᠣᠺ ᠡᠵᠡᠮᠳᠡᠬᠦ ︵ᠥᠪᠥᠷ ᠮᠣᠩᠭᠤᠯ︶ ᠺᠣᠮᠫᠠᠨᠢ ᠲᠠᠢ ᠶᠠᠷᠢᠯᠴᠠᠬᠤ  ᠬᠤᠷᠠᠯ ᠬᠢᠵᠦ ᠭᠦᠨᠵᠡᠭᠡᠢ ᠬᠠᠮᠲᠤᠷᠠᠯᠴᠠᠭᠠᠨ ᠤ ᠲᠤᠬᠠᠢ ᠰᠠᠨᠠᠯ ᠰᠣᠯᠢᠯᠴᠠᠪᠠ
ᠨᠡᠶᠢᠲᠡᠯᠡᠭᠰᠡᠨ ᠴᠠᠭ᠄
2023/3/21
  3 ᠰᠠᠷ᠎ᠠ ᠶᠢᠨ 17 ᠤ ᠡᠳᠦᠷ᠂ ᠬᠤᠲᠠ ᠶᠢᠨ ᠳᠡᠳ᠋ ᠳᠠᠷᠤᠭ᠎ᠠ ᠢᠦᠢ ᠬᠠᠢ ᠴᠧᠩ ᠴᠢ ᠳ᠋ᠢ ᠰᠲ᠋ᠣᠺ ᠡᠵᠡᠮᠳᠡᠬᠦ ︵ᠥᠪᠥᠷ ᠮᠣᠩᠭᠤᠯ︶ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠮᠠ ᠬᠤᠶ ᠮᠢᠩ ᠨᠠᠷ ᠲᠠᠢ ᠬᠤᠲᠠ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠠᠬᠢᠭᠤᠯᠬᠤ ᠶᠢᠨ ᠲᠣᠭᠤᠷᠢᠨ ᠳᠤ ᠶᠠᠷᠢᠯᠴᠠᠬᠤ ᠬᠤᠷᠠᠯ ᠬᠢᠵᠦ ᠰᠠᠨᠠᠯ ᠢᠶᠠᠨ ᠰᠣᠯᠢᠯᠴᠠᠪᠠ᠃       ᠢᠦᠢ ᠬᠠᠢ ᠴᠧᠩ ᠤᠯᠠᠭᠠᠨᠴᠠᠪ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ ᠪᠠ ᠬᠥᠭᠵᠢᠯᠲᠡ ᠶᠢᠨ ᠭᠤᠣᠯᠳᠠᠯᠭ᠎ᠠ ᠶᠢ ᠲᠠᠨᠢᠯᠴᠠᠭᠤᠯᠵᠤ᠂ ᠴᠢ ᠳ᠋ᠢ ᠰᠲ᠋ᠣᠺ ᠡᠵᠡᠮᠳᠡᠬᠦ ᠺᠣᠮᠫᠠᠨᠢ ᠨᠢ ᠰᠢᠨ᠎ᠡ ᠶᠢ ᠡᠭᠦᠳᠦᠨ ᠨᠡᠪᠴᠢᠭᠦᠯᠬᠦ᠂ ᠰᠢᠨᠵᠢᠯᠡᠬᠦ ᠤᠬᠠᠭᠠᠨ  ᠮᠡᠷᠭᠡᠵᠢᠯ ᠤᠨ ᠠᠵᠤ ᠦᠢᠯᠡᠰ ᠵᠡᠷᠭᠡ ᠬᠦᠷᠢᠶᠡᠨ ᠳᠤ ᠪᠣᠳᠠᠲᠤ ᠬᠦᠴᠦᠨ ᠢᠶᠠᠷ ᠴᠢᠩᠭ᠎ᠠ ᠪᠠᠶᠢᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠶᠢᠨ ᠭᠦᠨᠴᠡ ᠪᠠ ᠥᠷᠭᠡᠴᠡ ᠪᠠᠨ ᠦᠷᠭᠦᠯᠵᠢᠯᠡᠨ ᠥᠷᠭᠡᠳᠬᠡᠵᠦ᠂ ᠰᠢᠨ᠎ᠡ ᠠᠵᠤ ᠦᠢᠯᠡᠰ ᠪᠠ ᠰᠢᠨ᠎ᠡ ᠡᠵᠡᠩᠨᠡᠯᠲᠡ ᠶᠢᠨ ᠬᠡᠯᠪᠡᠷᠢ ᠶᠢ ᠲᠦᠷᠭᠡᠨ ᠪᠣᠶᠢᠵᠢᠭᠤᠯᠤᠨ ᠪᠤᠵᠠᠭᠠᠶᠢᠷᠠᠭᠤᠯᠵᠤ᠂ ᠠᠮᠢ  ᠠᠬᠤᠢ ᠶᠢᠨ ᠣᠷᠴᠢᠨ ᠲᠣᠭᠤᠷᠢᠨ ᠤ ᠭᠦᠢᠴᠡᠳᠬᠡᠯ ᠲᠤᠭ᠎ᠠ ᠶᠢ ᠬᠢᠨᠠᠨ ᠬᠡᠮᠵᠢᠬᠦ᠂ ᠲᠤᠭ᠎ᠠ ᠪᠠᠷᠢᠮᠲᠠ ᠶᠢᠨ ᠲᠠᠪᠴᠠᠩ ᠢ ᠨᠡᠶᠢᠳᠬᠡᠬᠦ᠂ ᠪᠢᠴᠢᠯ ᠬᠡᠯᠪᠡᠷᠢ ᠶᠢᠨ ᠮᠠᠰᠢᠨ ᠬᠥᠮᠥᠨ ᠢ ᠬᠠᠶᠢᠨ ᠬᠡᠮᠵᠢᠵᠦ ᠭᠠᠵᠠᠷ ᠳᠣᠣᠷᠠᠬᠢ ᠬᠤᠭᠤᠯᠠᠢ ᠶᠢ ᠬᠠᠮᠠᠭᠠᠯᠠᠬᠤ ᠵᠡᠷᠭᠡ ᠬᠦᠷᠢᠶᠡᠨ ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠤᠯᠠᠭᠠᠨᠴᠠᠪ ᠬᠤᠳᠠ ᠶᠢᠨ ᠬᠤᠳᠠ ᠶᠢᠨ ᠰᠢᠨᠡᠴᠢᠯᠡᠯᠲᠡ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠣᠯᠬᠤ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃       ᠮᠠ ᠬᠤᠢ ᠮᠢᠩ ᠴᠢ ᠳ᠋ᠢ ᠰᠲ᠋ᠣᠺ ᠡᠵᠡᠮᠳᠡᠬᠦ ᠺᠣᠮᠫᠠᠨᠢ ᠶᠢᠨ ᠬᠥᠭᠵᠢᠯᠲᠡ ᠶᠢᠨ ᠪᠠᠶᠢᠳᠠᠯ ᠪᠣᠯᠣᠨ ᠨᠡᠶᠢᠲᠡᠯᠢᠭ ᠲᠦᠷᠦᠯ ᠵᠦᠢᠯ ᠤᠨ ᠵᠢᠱᠢᠶ᠎ᠡ ᠶᠢ ᠨᠠᠷᠢᠨ ᠲᠠᠨᠢᠯᠴᠠᠭᠤᠯᠵᠤ᠂ ᠴᠢ ᠳ᠋ᠢ ᠪᠣᠯᠣᠨ ᠤᠯᠠᠭᠠᠨᠴᠠᠪ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢ ᠲᠠᠢ ᠪᠥᠭᠡᠳ ᠵᠣᠬᠢᠬᠤ ᠦᠷ᠎ᠡ ᠪᠦᠲᠦᠭᠡᠯ ᠣᠯᠵᠤ᠂ ᠬᠤᠶᠠᠷ ᠲᠠᠯ᠎ᠠ ᠪᠠᠷ ᠢᠶᠠᠨ ᠢᠳᠡᠪᠬᠢᠲᠡᠢ ᠣᠯᠣᠯᠴᠠᠨ ᠵᠣᠯᠭᠠᠯᠴᠠᠬᠤ ᠪᠠᠷ ᠳᠠᠮᠵᠢᠭᠤᠯᠵᠤ᠂ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠪᠠᠶᠢᠭᠤᠯᠬᠤ ᠶᠢᠨ ᠬᠠᠮᠲᠤ ᠬᠠᠮᠲᠤᠪᠠᠷ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠭᠦᠨ ᠵᠤᠵᠠᠭᠠᠨ ᠢᠲᠡᠭᠡᠯᠴᠡᠭᠡ ᠶᠢᠨ ᠰᠠᠭᠤᠷᠢ ᠶᠢ ᠪᠠᠶᠢᠭᠤᠯᠵᠠᠢ᠃ ᠴᠢ ᠳ᠋ᠢ ᠤᠯᠠᠭᠠᠨᠴᠠᠪ ᠲᠠᠢ ᠠᠮᠢ ᠠᠬᠤᠢ ᠶᠢᠨ ᠣᠷᠴᠢᠨ ᠲᠣᠭᠤᠷᠢᠨ ᠪᠠ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠤᠯᠠᠭᠠᠨᠴᠠᠪ ᠤᠨ ᠴᠢᠨᠠᠷ ᠰᠠᠶᠢᠲᠠᠢ ᠬᠥᠭᠵᠢᠯᠲᠡ ᠶᠢᠨ ᠦᠢᠯᠡᠰ ᠲᠤ ᠬᠦᠴᠦᠨ ᠴᠢᠳᠠᠯ ᠢᠶᠠᠨ ᠡᠷᠭᠦᠨ᠎ᠡ  ᠭᠡᠵᠦ  ᠢᠯᠡᠳᠬᠡᠪᠡ᠃       ᠬᠤᠳᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠳᠡᠳ᠋ ᠨᠠᠷᠢᠨ ᠪᠢᠴᠢᠭ ᠤᠨ ᠳᠠᠷᠤᠭ᠎ᠠ᠂ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠲᠣᠮᠣ ᠳ᠋ᠠᠶᠢᠲ᠋ᠠ ᠶᠢᠨ ᠲᠣᠪᠴᠢᠶ᠎ᠠ᠂ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠶᠠᠷᠢᠯᠴᠠᠬᠤ  ᠬᠤᠷᠠᠯ ᠳᠤ ᠣᠷᠣᠯᠴᠠᠪᠠ᠃                                                                                                             ᠣᠷᠴᠢᠭᠤᠯᠤᠭᠴᠢ᠄ ᠭᠤᠸ᠎ᠠ                                                       ᠬᠢᠨᠠᠭᠴᠢ᠄ ᠠᠷᠢᠭᠤᠨ  
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2