ᠬᠤᠸᠠᠳᠧ ᠰᠢᠶᠠᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠰᠤᠷᠭᠠᠭᠤᠯᠢ ᠶᠢᠨ ᠬᠦᠷᠢᠶᠡᠨ ᠳᠤ ᠣᠷᠣᠬᠤ ᠰᠢᠷᠢᠰ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/21
    ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯᠯᠠᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠰᠤᠷᠭᠠᠭᠤᠯᠢ ᠶᠢᠨ ᠬᠦᠷᠢᠶᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠳᠡᠮᠵᠢᠵᠦ᠂ ᠰᠤᠷᠭᠠᠭᠤᠯᠢ ᠶᠢᠨ ᠪᠠᠭᠰᠢ ᠰᠤᠷᠤᠭᠴᠢᠳ ᠤᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠲᠠᠨᠢᠯᠲᠠ ᠶᠢ ᠳᠡᠭᠡᠭᠰᠢᠯᠡᠭᠦᠯᠦᠨ᠂ ︽ᠱᠠᠯᠢᠭ ᠵᠠᠪᠬᠠᠢ ᠵᠦᠢᠯᠡᠰ︾ ᠪᠠ ︽ᠬᠠᠤᠯᠢ ᠪᠤᠰᠤ ᠬᠡᠪᠯᠡᠭᠳᠡᠬᠦᠨ︾ ᠢ ᠢᠯᠭᠠᠨ ᠲᠠᠨᠢᠬᠤ ᠴᠢᠳᠠᠪᠤᠷᠢ ᠶᠢ ᠨᠡᠮᠡᠭᠳᠡᠭᠦᠯᠵᠦ᠂ ᠨᠠᠰᠤᠨ ᠳᠤ ᠥᠯᠥ ᠭᠦᠷᠦᠭᠰᠡᠳ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠢ ᠮᠡᠳᠡᠵᠦ ᠬᠠᠤᠯᠢ ᠶᠢ ᠰᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠠᠤᠯᠢ ᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠡ᠃ ᠣᠶᠢᠷ᠎ᠠ ᠳᠤ᠂ ᠬᠤᠸᠠᠳᠧ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠰᠤᠷᠭᠠᠭᠤᠯᠢ ᠶᠢᠨ ᠬᠦᠷᠢᠶᠡᠨ ᠳᠤ ᠣᠷᠣᠬᠤ ᠰᠢᠷᠢᠰ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠬᠠᠤᠯᠢ ᠬᠡᠷᠡᠭᠵᠢᠭᠦᠯᠬᠦ ᠠᠵᠢᠯᠲᠠᠨ ︽ᠴᠢᠬᠢ ᠬᠠᠮᠠᠭᠠᠯᠠᠬᠤ ·᡻ᠰᠦᠯᠵᠢᠶᠡᠨ ᠤ ᠠᠮᠤᠷ ᠲᠦᠪᠰᠢᠨ ᠤ ᠰᠢᠷᠢᠰ ᠬᠢᠴᠢᠶᠡᠯ ᠤᠨ ᠲᠠᠩᠬᠢᠮ︾ ᠢ ᠨᠡᠪᠲᠡᠷᠡᠭᠦᠯᠬᠦ᠂ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠤᠬᠠᠭᠤᠯᠭ᠎ᠠ ᠶᠢᠨ ᠳᠡᠪᠲᠡᠷ ᠢ ᠲᠠᠷᠬᠠᠭᠠᠬᠤ᠂ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠠᠮᠢᠶ᠎ᠠ ᠪᠦᠬᠦᠢ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠠᠪᠤᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠠᠭᠰᠢ ᠰᠤᠷᠤᠭᠴᠢᠳ ᠲᠤ ᠬᠤᠪᠢ ᠬᠥᠮᠥᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠬᠡᠷᠬᠢᠨ ᠬᠠᠮᠠᠭᠠᠯᠠᠬᠤ᠂ ᠬᠤᠣᠷ ᠬᠥᠨᠥᠭᠡᠯ ᠲᠠᠢ ᠨᠣᠮ ᠪᠢᠴᠢᠭ ᠤᠨ ᠬᠠᠤᠯᠢ ᠪᠤᠰᠤ ᠰᠦᠯᠵᠢᠶ᠎ᠡ ᠠᠴᠠ ᠬᠡᠷᠬᠢᠨ ᠵᠠᠶᠢᠳᠠᠬᠤ ᠵᠡᠷᠭᠡ ᠡᠷᠡᠭᠦᠯ ᠪᠤᠰᠤ ᠮᠡᠳᠡᠭᠡ ᠵᠠᠩᠭᠢ ᠶᠢ ᠤᠬᠠᠭᠤᠯᠬᠤ᠂ ᠰᠦᠯᠵᠢᠶᠡᠨ ᠤ ᠮᠡᠬᠡᠯᠡᠯ ᠢ ᠬᠡᠷᠬᠢᠨ ᠰᠡᠷᠭᠡᠶᠢᠯᠡᠬᠦ᠂ ᠰᠦᠯᠵᠢᠶᠡᠨ ᠤ ᠳᠣᠷᠣᠮᠵᠢᠯᠠᠯ ᠢ ᠲᠡᠪᠴᠢᠬᠦ ᠵᠡᠷᠭᠡ ᠮᠡᠳᠡᠯᠭᠡ ᠶᠢ ᠤᠬᠠᠭᠤᠯᠬᠤ ᠶᠢᠨ ᠬᠠᠮᠲᠤ ᠥᠷᠭᠡᠨ ᠣᠯᠠᠨ ᠪᠠᠭᠰᠢ ᠰᠤᠷᠤᠭᠴᠢᠳ ᠢ ᠡᠷᠡᠭᠦᠯ ᠪᠤᠰᠤ ᠮᠡᠳᠡᠭᠡ ᠵᠠᠩᠭᠢ ᠶᠢ ᠣᠯᠵᠤ ᠮᠡᠳᠡᠮᠡᠭᠴᠡ ᠴᠠᠭ ᠲᠤᠬᠠᠢ ᠳᠤᠨᠢ ᠪᠥᠬᠦ ᠤᠯᠤᠰ ᠤᠨ ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠠᠯᠪᠠᠨ ᠭᠡᠷ ᠤᠨ ᠢᠯᠡᠴᠢᠯᠡᠨ ᠮᠡᠳᠡᠭᠦᠯᠬᠦ ᠤᠲᠠᠰᠤ 12390 ᠶᠢ ᠤᠲᠠᠰᠤᠳᠠᠬᠤ ᠶᠢ ᠵᠣᠷᠢᠭᠵᠢᠭᠤᠯᠪᠡ᠃     ᠲᠣᠰ ᠤᠳᠠᠭᠠᠨ ᠤ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠰᠤᠷᠭᠠᠭᠤᠯᠢ ᠶᠢᠨ ᠬᠦᠷᠢᠶᠡᠨ ᠳᠤ ᠣᠷᠣᠬᠤ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ  ᠨᠢ ᠵᠠᠯᠠᠭᠤᠴᠤᠳ ᠪᠠᠭᠠᠴᠤᠳ ᠤᠨ ᠡᠷᠡᠭᠦᠯ ᠪᠤᠰᠤ ᠰᠣᠶᠣᠯ ᠢ ᠢᠯᠭᠠᠨ ᠲᠠᠨᠢᠬᠤ ᠴᠢᠳᠠᠪᠤᠷᠢ ᠪᠠ ᠡᠰᠡᠷᠭᠦᠴᠡᠨ ᠬᠤᠷᠢᠭᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠤᠨ ᠡᠷᠬᠡ ᠳᠤ ᠬᠠᠯᠳᠠᠵᠤ ᠬᠡᠪᠯᠡᠯ ᠬᠤᠯᠠᠭᠠᠶᠢᠯᠠᠬᠤ ᠵᠡᠷᠭᠡ ᠬᠠᠤᠯᠢ ᠪᠤᠰᠤ ᠬᠡᠪᠯᠡᠭᠳᠡᠬᠦᠨ ᠢ ᠡᠰᠡᠷᠭᠦᠴᠡᠨ ᠬᠤᠷᠢᠭᠯᠠᠬᠤ ᠦᠵᠡᠯ ᠤᠬᠠᠮᠰᠠᠷ ᠢ ᠴᠢᠩᠭᠠᠷᠠᠭᠤᠯᠵᠠᠢ᠃     ᠳᠠᠷᠠᠭᠠᠴᠢ ᠶᠢᠨ ᠠᠯᠬᠤᠮ ᠳᠤ᠂ ᠬᠤᠸᠠᠳᠧ ᠰᠢᠶᠠᠨ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠰᠤᠷᠤᠭᠴᠢᠳ ᠤᠨ ᠦᠵᠡᠯ ᠰᠠᠨᠠᠭ᠎ᠠ ᠤᠬᠠᠮᠰᠠᠷ ᠤᠨ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠵᠦ᠂ ᠪᠦᠬᠦ ᠰᠢᠶᠠᠨ ᠤ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠰᠠᠶᠢᠨ ᠰᠠᠶᠢᠬᠠᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠪᠡ᠃     ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 280 ᠭᠠᠷᠤᠢ ᠬᠤᠪᠢ ᠤᠬᠠᠭᠤᠯᠭ᠎ᠠ ᠶᠢᠨ ᠬᠠᠭᠤᠳᠠᠰᠤ᠂ 90 ᠭᠠᠷᠤᠢ ᠳᠡᠪᠲᠡᠷ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ 2 ᠮᠠᠰᠢᠨ ᠲᠡᠷᠭᠡ᠂ 10 ᠭᠠᠷᠤᠢ ᠬᠥᠮᠥᠨ ᠤᠳᠠᠭ᠎ᠠ ᠬᠠᠤᠯᠢ ᠬᠡᠷᠡᠭᠵᠢᠭᠦᠯᠬᠦ ᠠᠵᠢᠯᠲᠠᠨ ᠢ ᠬᠥᠳᠡᠯᠭᠡᠪᠡ᠃                    ᠤᠷᠴᠢᠭᠤᠯᠤᠭᠴᠢ᠄ ᠬᠦᠰᠡᠯ                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2