ᠵᠢᠨᠢᠩ ᠲᠣᠭᠤᠷᠢᠭ ᠤᠨ ᠬᠢᠨ ᠨᠡᠶᠢᠲᠡ ᠶᠢᠨ ᠲᠦᠷᠢᠶᠡᠰᠦᠨ ᠭᠡᠷ ᠪᠠᠶᠢᠰᠢᠩ ᠢ ᠰᠢᠯᠵᠢᠭᠦᠯᠦᠨ ᠲᠦᠷᠢᠶᠡᠰᠦᠯᠡᠭᠦᠯᠵᠦ ᠰᠢᠯᠵᠢᠭᠦᠯᠦᠨ ᠵᠢᠭᠡᠯᠡᠭᠦᠯᠬᠦ ᠵᠡᠷᠭᠡ ᠦᠶᠯᠡ ᠠᠵᠢᠯᠯᠠᠭ᠎ᠠ ᠳᠤ ᠡᠷᠦᠬᠡ ᠳᠤ ᠬᠦᠷᠴᠦ ᠢᠯᠭᠠᠷᠠᠭᠤᠯᠤᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2023/3/23
    ᠣᠶᠢᠷ᠎ᠠ ᠶᠢᠨ ᠡᠳᠦᠷ ᠤᠳ ᠲᠤ᠂ ᠵᠢᠨᠢᠩ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠪ ᠵᠢᠨᠢᠩ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠨᠡᠶᠢᠭᠡᠮ ᠤᠨ ᠠᠪᠤᠷᠠᠯᠳᠠ ᠶᠢᠨ ᠦᠢᠯᠡᠴᠢᠯᠡᠭᠡᠨ ᠤ ᠲᠥᠪ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠪᠠ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠳᠤᠷᠠᠨ᠂ 16 ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠢ ᠰᠢᠯᠵᠢᠭᠦᠯᠦᠨ ᠲᠦᠷᠢᠶᠡᠰᠦᠯᠡᠭᠦᠯᠬᠦ᠂ ᠰᠢᠯᠵᠢᠭᠦᠯᠦᠨ ᠵᠢᠭᠡᠯᠡᠭᠦᠯᠬᠦ᠂ ᠰᠤᠯᠠ ᠪᠠᠶᠢᠯᠭᠠᠬᠤ ᠵᠡᠷᠭᠡ ᠦᠶᠯᠡ ᠠᠵᠢᠯᠯᠠᠭ᠎ᠠ ᠳᠤ ᠡᠷᠦᠬᠡ ᠳᠤ ᠬᠦᠷᠴᠦ ᠢᠯᠭᠠᠷᠠᠭᠤᠯᠤᠨ ᠪᠠᠶᠢᠴᠠᠭᠠᠯᠲᠠ ᠬᠢᠵᠦ᠂ ᠪᠥᠬᠦ ᠳᠤᠭᠤᠷᠢᠭ ᠤᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠵᠢᠷᠤᠮᠵᠢᠭᠤᠨ ᠡᠵᠡᠩᠨᠡᠯᠲᠡ ᠪᠠ ᠬᠡᠷᠡᠭᠯᠡᠯᠲᠡ ᠶᠢ ᠦᠨᠡᠨ ᠬᠦ ᠪᠠᠲᠤᠯᠠᠪᠠ᠃     ᠢᠯᠭᠠᠷᠠᠭᠤᠯᠤᠨ ᠪᠠᠶᠢᠴᠠᠭᠠᠬᠤ ᠠᠵᠢᠯ ᠤᠨ ᠳᠤᠮᠳᠠ᠂ ᠠᠵᠢᠯᠲᠠᠨ ᠭᠠᠷ ᠲᠠᠭᠠᠨ ᠨᠢᠭᠡ ᠬᠤᠪᠢ ᠰᠠᠭᠤᠭᠠᠯᠢ ᠡᠷᠦᠬᠡ ᠶᠢᠨ ᠨᠠᠷᠢᠨ ᠲᠣᠳᠣᠷᠬᠠᠢ ᠮᠡᠳᠡᠭᠡ ᠵᠠᠩᠭᠢ ᠶᠢᠨ ᠬᠦᠰᠦᠨᠦᠭᠲᠦ ᠲᠠᠢ ᠪᠠᠶᠢᠵᠤ᠂ ᠳᠡᠭᠡᠷ᠎ᠡ ᠨᠢ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢᠨ ᠲᠦᠷᠢᠶᠡᠰᠦᠯᠡᠭᠴᠢ ᠵᠢᠴᠢ ᠬᠠᠮᠲᠤ ᠰᠠᠭᠤᠭᠴᠢ ᠶᠢᠨ ᠮᠡᠳᠡᠭᠡ ᠵᠠᠩᠭᠢ ᠶᠢ ᠲᠡᠮᠳᠡᠭᠯᠡᠵᠦ᠂ ᠲᠦᠷᠢᠶᠡᠰᠦᠯᠡᠭᠴᠢ ᠶᠢᠨ ᠬᠠᠩᠭᠠᠭᠰᠠᠨ ᠲᠦᠷᠢᠶᠡᠰᠦᠯᠡᠬᠦ ᠭᠡᠷ᠎ᠡ᠂ ᠪᠡᠶ᠎ᠡ ᠶᠢᠨ ᠦᠨᠡᠮᠯᠡᠯ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ ᠢᠶᠠᠷ ᠳᠠᠮᠵᠢᠭᠤᠯᠤᠨ ᠡᠷᠦᠬᠡ ᠳᠤ ᠣᠷᠣᠵᠤ ᠯᠠᠪᠯᠠᠨ ᠠᠰᠠᠭᠤᠵᠤ᠂ ᠮᠡᠳᠡᠭᠡ ᠵᠠᠩᠭᠢ ᠶᠢᠨ ᠬᠠᠷᠢᠴᠠᠭᠤᠯᠤᠯ ᠬᠢᠵᠦ᠂ ᠲᠦᠷᠢᠶᠡᠰᠦᠯᠡᠭᠰᠡᠨ ᠪᠠᠶᠢᠳᠠᠯ ᠤᠨ ᠦᠨᠡᠨ ᠪᠣᠳᠠᠲᠠᠢ ᠪᠠᠶᠢᠬᠤ ᠡᠰᠡᠬᠦ ᠶᠢ ᠲᠣᠳᠣᠯᠠᠪᠡ᠃ ᠢᠯᠭᠠᠷᠠᠭᠤᠯᠤᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠲᠦᠷᠢᠶᠡᠰᠦᠯᠡᠭᠴᠢ ᠲᠣᠭᠲᠠᠭᠠᠯ ᠢ ᠵᠥᠷᠢᠴᠡᠨ ᠨᠡᠶᠢᠲᠡ ᠶᠢᠨ ᠲᠦᠷᠢᠶᠡᠰᠦᠨ ᠭᠡᠷ ᠢ ᠰᠢᠯᠵᠢᠭᠦᠯᠦᠨ ᠲᠦᠷᠢᠶᠡᠰᠦᠯᠡᠭᠦᠯᠵᠦ ᠵᠢᠭᠡᠯᠡᠭᠦᠯᠦᠭᠰᠡᠨ ᠪᠤᠶᠤ ᠵᠦᠢ ᠶᠣᠰᠣᠨ ᠤ ᠰᠢᠯᠲᠠᠭᠠᠨ ᠦᠭᠡᠢ ᠪᠠᠷ ᠲᠦᠷᠢᠶᠡᠰᠦᠨ ᠮᠥᠩᠭᠦ ᠶᠢ 6 ᠰᠠᠷ᠎ᠠ ᠠᠴᠠ ᠳᠡᠭᠡᠭᠰᠢ ᠥᠷᠢᠲᠦᠵᠦ ᠤᠳᠠᠭᠠᠰᠢᠷᠠᠭᠤᠯᠤᠭᠰᠠᠨ ᠵᠡᠷᠭᠡ ᠠᠵᠢᠯᠯᠠᠭ᠎ᠠ ᠶᠢ ᠪᠣᠯ ᠵᠢᠨᠢᠩ ᠲᠣᠭᠤᠷᠢᠭ ᠤᠨ ᠬᠢᠮᠳᠠ ᠲᠦᠷᠢᠶᠡᠰᠦᠨ ᠣᠷᠣᠨ ᠰᠠᠭᠤᠴᠠ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠨᠡᠶᠢᠯᠡᠭᠦᠯᠬᠦ ᠬᠠᠮᠢᠶᠠᠷᠤᠯᠲᠠ ᠶᠢᠨ ᠠᠷᠭ᠎ᠠ ᠶᠢ ᠦᠨᠳᠦᠰᠦᠯᠡᠵᠤ᠂ ᠵᠢᠨᠢᠩ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠪ ᠠᠴᠠ ᠲᠣᠰ ᠭᠡᠷ ᠪᠦᠯᠢ ᠶᠢᠨ ᠪᠠᠲᠤᠯᠠᠭ᠎ᠠ ᠶᠢᠨ ᠬᠢᠷᠢ ᠬᠡᠮ ᠢ ᠬᠦᠴᠦᠨ ᠦᠭᠡᠢ ᠪᠣᠯᠭᠠᠵᠤ᠂ ᠬᠠᠤᠯᠢ ᠲᠣᠭᠲᠠᠭᠠᠯ ᠢ ᠵᠥᠷᠢᠴᠡᠭᠰᠡᠨ ᠰᠠᠭᠤᠭᠠᠯᠢ ᠡᠷᠦᠬᠡ ᠶᠢ ᠪᠦᠬᠦᠨ ᠢ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠢᠲᠡᠭᠡᠮᠵᠢ ᠶᠢᠨ ᠰᠢᠰᠲ᠋ᠧᠮ ᠳᠤ ᠣᠷᠣᠭᠤᠯᠵᠤ᠂ ᠬᠤᠯᠪᠣᠭᠳᠠᠯ ᠪᠦᠬᠦᠢ ᠵᠠᠭᠤᠴᠢᠯᠠᠭᠤᠷ ᠤᠨ ᠰᠦᠯᠵᠢᠶᠡᠨ ᠳᠡᠭᠡᠷ᠎ᠡ ᠨᠡᠶᠢᠲᠡᠯᠡᠬᠦ ᠶᠢᠨ ᠬᠠᠮᠲᠤ ᠡᠷᠡᠭᠦᠯ ᠪᠤᠰᠤ ᠢᠲᠡᠭᠡᠮᠵᠢ ᠶᠢᠨ ᠲᠠᠩᠰᠠ ᠡᠪᠬᠡᠮᠡᠯ ᠳᠤ ᠲᠡᠮᠳᠡᠭᠯᠡᠨ ᠣᠷᠣᠭᠤᠯᠵᠤ᠂ 5 ᠵᠢᠯ ᠤᠨ ᠳᠣᠲᠣᠷ᠎ᠠ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠳᠠᠭᠢᠵᠤ ᠭᠤᠶᠤᠴᠢᠯᠠᠵᠤ ᠪᠣᠯᠬᠤ ᠦᠭᠡᠢ᠃                            ᠤᠷᠴᠢᠭᠤᠯᠤᠭᠴᠢ᠄ ᠬᠦᠰᠡᠯ                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2