ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠤᠶ᠎ᠠ᠄ ᠪᠦᠬᠦ ᠬᠤᠲᠠ ᠶᠢᠨ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠵᠢᠴᠢ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2023/3/28
   3 ᠰᠠᠷ᠎ᠠ ᠶᠢᠨ 23 ᠤ ᠡᠳᠦᠷ᠂ ᠪᠥᠬᠦ ᠬᠤᠲᠠ ᠶᠢᠨ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠵᠢᠴᠢ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠶᠣᠰᠣᠯᠠᠯ ᠶᠠᠪᠤᠭᠳᠠᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠴᠢᠶᠣᠤ ᠶᠦᠨ ᠯᠢ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃    ᠰᠦᠢ ᠸᠧᠢ ᠵᠢᠶᠦ᠋ᠨ ᠬᠡᠯᠡᠬᠦ ᠳᠡᠭᠡᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠬᠤ ᠪᠠᠷ ᠪᠠᠷᠠᠬᠤ ᠦᠭᠡᠢ ᠪᠠᠰᠠ ᠴᠤ ᠨᠢᠭᠡᠨ ᠤᠷᠳᠤ ᠬᠤᠭᠤᠴᠠᠭᠠᠨ ᠤ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠣᠨ᠎ᠠ᠂ ᠪᠢᠳᠡ ᠰᠤᠷᠤᠯᠴᠠᠨ ᠲᠤᠭᠤᠰᠢᠯᠠᠭᠤᠯᠬᠤ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠪᠣᠳᠠᠲᠠᠶᠢᠵᠢᠭᠤᠯᠵᠤ᠂ ᠰᠡᠳᠬᠢᠯ ᠵᠢᠷᠦᠬᠡᠨ ᠳᠡᠭᠡᠨ ᠪᠤᠳᠤᠬᠤ ᠬᠡᠷᠡᠭᠲᠡᠢ᠃ ᠤᠯᠤᠰ ᠲᠦᠷᠦ ᠶᠢᠨ ᠥᠨᠳᠥᠷᠴᠡ ᠠᠴᠠ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠰᠠᠶᠢᠲᠤᠷ ᠬᠡᠷᠡᠭᠯᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠤᠨᠤᠯ ᠤᠨ ᠲᠠᠯ᠎ᠠ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠮᠥᠨ ᠴᠢᠨᠠᠷ ᠤᠨ ᠱᠠᠭᠠᠷᠳᠠᠯᠭ᠎ᠠ ᠪᠠ ᠴᠢᠬᠤᠯᠠ ᠶᠡᠭᠡ ᠵᠠᠷᠴᠢᠮ ᠢ ᠣᠨᠣᠪᠴᠢᠲᠠᠢ ᠡᠵᠡᠮᠳᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤ ᠴᠢᠭᠯᠡᠯ ᠢᠶᠠᠨ ᠣᠨᠣᠪᠴᠢᠲᠠᠢ ᠡᠵᠡᠮᠳᠡᠵᠦ᠂ ᠣᠷᠣᠨ ᠪᠠᠶᠢᠷᠢ ᠪᠠᠨ ᠣᠨᠣᠪᠴᠢᠲᠠᠢ ᠣᠯᠬᠤ ᠬᠡᠷᠡᠭᠲᠡᠢ᠃ ᠬᠥᠭᠵᠢᠯᠲᠡ ᠶᠢᠨ ᠲᠠᠯ᠎ᠠ ᠠᠴᠠ ᠤᠯᠠᠭᠠᠨᠴᠠᠪ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠡᠦᠬᠡᠨ ᠣᠷᠣᠨ ᠪᠠᠶᠢᠷᠢ ᠶᠢ ᠭᠦᠨᠵᠡᠭᠡᠢ ᠡᠵᠡᠮᠳᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ᠪᠣᠳᠠᠲᠠᠢ ᠳᠤ ᠰᠠᠭᠤᠷᠢᠯᠠᠨ ᠠᠵᠢᠯ ᠢᠶᠠᠨ ᠪᠦᠲᠦᠭᠡᠯᠴᠢ ᠪᠠᠷ ᠥᠷᠨᠢᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ ᠦᠢᠯᠡᠳᠦᠯᠭᠡ ᠶᠢᠨ ᠭᠦᠨᠴᠡ ᠠᠴᠠ ᠰᠢᠨ᠎ᠡ ᠴᠠᠭ ᠦᠶ᠎ᠡ ᠶᠢᠨ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ︽ᠥᠷᠭᠡᠨ ᠮᠥᠷᠥ︾ ᠶᠢ ᠪᠣᠶᠢᠵᠢᠭᠤᠯᠵᠤ᠂ ᠠᠵᠢᠯ ᠬᠢᠵᠦ ᠦᠢᠯᠡᠰ ᠪᠣᠰᠬᠠᠬᠤ ︽ᠵᠢᠩᠬᠢᠨᠢ ᠴᠢᠳᠠᠪᠤᠷᠢ︾ ᠶᠢ ᠪᠣᠯᠪᠠᠰᠤᠷᠠᠭᠤᠯᠵᠤ᠂ ᠰᠤᠷᠲᠠᠯ ᠤᠨ ᠪᠠᠶᠢᠭᠤᠯᠤᠯᠲᠠ ᠶᠢᠨ ︽ᠬᠠᠲᠠᠭᠤ ᠲᠤᠯᠭᠠᠭᠤᠷᠢ︾ ᠶᠢ ᠲᠤᠯᠭᠠᠭᠤᠷᠢᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠳᠡ ᠦᠭᠡᠢ ᠡᠭᠦᠳᠬᠦ ᠬᠡᠷᠡᠭᠲᠡᠢ ᠭᠡᠵᠡᠢ᠃    ᠰᠦᠢ ᠸᠧᠢ ᠵᠢᠶᠦ᠋ᠨ ᠪᠠᠰᠠ ᠰᠤᠷᠤᠭᠴᠢᠳ ᠤᠨ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠰᠤᠷᠤᠯᠴᠠᠯᠭ᠎ᠠ ᠶᠢ ᠰᠠᠶᠢᠲᠤᠷ ᠠᠳᠬᠤᠬᠤ ᠲᠤᠬᠠᠢ ᠱᠠᠭᠠᠷᠳᠠᠯᠭ᠎ᠠ ᠳᠤᠷᠠᠳᠴᠠᠢ᠃    ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠢ᠂ ᠠᠷᠠᠳ ᠤᠨ ᠪᠦᠯᠬᠦᠮ᠂ ᠰᠢᠭᠤᠳ ᠬᠠᠷᠢᠶ᠎ᠠ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠨᠠᠮ ᠤᠨ ᠰᠤᠷᠭᠠᠭᠤᠯᠢ ᠶᠢᠨ ᠬᠠᠮᠢᠶ᠎ᠠ ᠪᠦᠬᠦᠢ ᠠᠩᠭᠢ ᠶᠢᠨ ᠰᠤᠷᠤᠭᠴᠢᠳ ᠣᠷᠣᠯᠴᠠᠨ᠎ᠠ᠃                                                        ᠣᠷᠴᠢᠭᠤᠯᠤᠭᠴᠢ᠄ ᠭᠤᠸ᠎ᠠ                                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2