ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠤᠶ᠎ᠠ᠄ ᠪᠦᠬᠦ ᠬᠤᠲᠠ ᠶᠢᠨ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠰᠤᠷᠤᠯᠭ᠎ᠠ ᠲᠡᠭᠦᠰᠪᠡ
ᠨᠡᠶᠢᠲᠡᠯᠡᠭᠰᠡᠨ ᠴᠠᠭ᠄
2023/3/28
   3 ᠰᠠᠷ᠎ᠠ ᠶᠢᠨ 24 ᠤ ᠡᠳᠦᠷ᠂ ᠪᠥᠬᠦ ᠬᠤᠲᠠ ᠶᠢᠨ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠲᠡᠭᠦᠰᠬᠦ ᠶᠣᠰᠣᠯᠠᠯ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠶᠠᠪᠤᠭᠳᠠᠪᠠ᠃    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠴᠢᠶᠣᠤ ᠶᠦᠨ ᠯᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠶᠦᠩ ᠰᠤᠷᠤᠯᠭ᠎ᠠ ᠲᠡᠭᠦᠰᠬᠦ ᠶᠣᠰᠣᠯᠠᠯ ᠢ ᠡᠷᠭᠢᠯᠡᠪᠡ᠃    ᠰᠤᠷᠤᠯᠭ᠎ᠠ ᠲᠡᠭᠦᠰᠬᠦ ᠶᠣᠰᠣᠯᠠᠯ ᠳᠡᠭᠡᠷ᠎ᠡ᠂ 6 ᠰᠣᠷᠣᠭᠴᠢ ᠶᠢᠨ ᠲᠥᠯᠥᠭᠡᠯᠡᠭᠴᠢ ᠠᠵᠢᠯ ᠤᠨ ᠪᠣᠳᠠᠲᠠᠢ ᠠᠴᠠ ᠪᠠᠨ ᠡᠭᠦᠰᠴᠦ᠂ ᠰᠣᠷᠣᠭᠰᠠᠨ ᠲᠠᠢ ᠪᠠᠨ ᠤᠶᠠᠯᠳᠤᠭᠤᠯᠤᠨ᠂ ᠰᠤᠷᠤᠯᠭ᠎ᠠ ᠶᠢᠨ ᠦᠷ᠎ᠡ ᠪᠦᠲᠦᠭᠡᠯ ᠢᠶᠠᠨ ᠬᠠᠷᠢᠭᠤ ᠮᠡᠳᠡᠭᠦᠯᠪᠡ    ᠲᠣᠰ ᠤᠳᠠᠭᠠᠨ ᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠠᠭᠤᠯᠭ᠎ᠠ ᠨᠢ ᠪᠦᠷᠢᠨ ᠲᠡᠭᠦᠯᠳᠡᠷ᠂ ᠠᠭᠤᠷ ᠠᠮᠢᠰᠬᠤᠯ ᠨᠢ ᠭᠦᠨ ᠵᠤᠵᠠᠭᠠᠨ᠂ ᠬᠠᠮᠢᠶᠠᠷᠤᠯᠲᠠ ᠨᠢ ᠨᠠᠷᠢᠯᠢᠭ᠂ ᠰᠠᠬᠢᠯᠭ᠎ᠠ ᠪᠠᠲᠤ ᠨᠢ ᠴᠢᠩᠭ᠎ᠠ ᠲᠣᠳᠣᠷᠬᠠᠢ᠃ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠪᠠᠷ ᠳᠠᠮᠵᠢᠨ᠂ ᠮᠠᠨ ᠤ ᠬᠤᠲᠠ ᠶᠢᠨ ᠤᠳᠤᠷᠢᠳᠬᠤ ᠺᠠᠳ᠋ᠷᠴᠤᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠤᠯᠠᠮ ᠨᠢᠭᠡ ᠠᠯᠬᠤᠮ ᠴᠢᠩᠭᠠᠷᠠᠪᠠ᠃ ᠤᠯᠠᠨ ᠢᠶᠠᠷ ᠢᠶᠠᠨ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠᠨ ᠴᠢᠨᠠᠭᠰᠢᠳᠠ ᠨᠢᠭᠲᠠᠷᠠᠭᠤᠯᠵᠤ᠂ ᠵᠣᠷᠢᠭ ᠰᠠᠨᠠᠭᠠᠨ ᠤ ᠮᠥᠨ ᠴᠢᠨᠠᠷ ᠢ ᠡᠵᠡᠮᠰᠢᠵᠦ᠂ ᠠᠷᠭ᠎ᠠ ᠵᠠᠮ ᠢᠶᠠᠨ ᠰᠢᠯᠢᠳᠡᠭᠵᠢᠭᠦᠯᠵᠦ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠶᠢᠷᠡᠭᠦᠯᠵᠦ᠂ ᠪᠣᠳᠠᠲᠠᠢ ᠠᠵᠢᠯ ᠬᠢᠵᠦ᠂ ᠪᠣᠳᠠᠲᠠᠢ ᠠᠷᠭ᠎ᠠ ᠰᠦᠪᠡᠭᠴᠢᠯᠡᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠤᠯᠠᠭᠠᠨᠴᠠᠪ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃                                                 ᠣᠷᠴᠢᠭᠤᠯᠤᠭᠴᠢ᠄ ᠭᠤᠸ᠎ᠠ                                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2