ᠵᠢᠨᠢᠩ ᠲᠣᠭᠤᠷᠢᠭ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠭᠦᠢᠴᠡᠳᠬᠡᠬᠦ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/29
    3 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠭᠦᠢᠴᠡᠳᠬᠡᠬᠦ ᠶᠢ ᠲᠦᠯᠬᠢᠨ ᠠᠬᠢᠭᠤᠯᠬᠤ ᠬᠤᠷᠠᠯ ᠬᠤᠷᠠᠯᠳᠤᠪᠠ᠃     ᠬᠤᠷᠠᠯ ᠠᠴᠠ᠂ ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤᠨ ᠤ ᠵᠦᠢᠯᠡᠰ ᠢ ᠰᠢᠢᠳᠪᠦᠷᠢᠯᠡᠬᠦ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠠᠵᠢᠯ ᠢ ᠰᠠᠶᠢᠲᠤᠷ ᠬᠢᠬᠦ ᠳᠤ ᠪᠦᠬᠦ ᠣᠷᠣᠨ ᠢᠶᠠᠷ ᠢᠶᠠᠨ ᠬᠠᠮᠲᠤᠪᠠᠷ ᠬᠦᠴᠦᠯᠡᠵᠦ᠂ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠯᠠᠮᠰᠢᠯ ᠤᠲᠠᠰᠤᠨ ᠤ ᠠᠵᠢᠯ ᠢ ︽ᠨᠢᠭᠡᠳᠦᠭᠡᠷ ᠭᠠᠷ︾ ᠤᠨ ᠢᠨᠵᠧᠨᠧᠷᠢᠩ ᠪᠣᠯᠭᠠᠨ ᠠᠳᠬᠤᠵᠤ᠂ ᠭᠤᠣᠯ ᠤᠳᠤᠷᠢᠳᠤᠯᠭ᠎ᠠ ᠨᠢ ᠬᠠᠯᠠᠮᠰᠢᠯ ᠤᠲᠠᠰᠤᠨ ᠤ ᠠᠵᠢᠯ ᠢ ᠦᠷᠭᠦᠯᠵᠢ ᠠᠰᠠᠭᠤᠨ ᠯᠠᠪᠯᠠᠵᠤ᠂ ᠣᠯᠠᠨ ᠲᠦᠮᠡᠨ ᠤ ᠲᠤᠰᠬᠠᠯ ᠨᠡᠯᠢᠶᠡᠳ ᠲᠣᠪᠣᠶᠢᠮ᠎ᠠ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠰᠢᠢᠳᠪᠦᠷᠢᠯᠡᠵᠦ᠂ ᠴᠢᠬᠤᠯᠠ ᠶᠡᠭᠡ ᠬᠠᠯᠠᠮᠰᠢᠯ᠂ ᠬᠦᠴᠢᠷ ᠠᠰᠠᠭᠤᠳᠠᠯ ᠢ ᠪᠡᠶ᠎ᠡ ᠪᠠᠷ ᠢᠶᠠᠨ ᠰᠢᠢᠳᠪᠦᠷᠢᠯᠡᠵᠦ᠂ ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤᠨ ᠤ ᠵᠦᠢᠯᠡᠰ ᠢ ᠰᠢᠢᠳᠪᠦᠷᠢᠯᠡᠬᠦ ᠠᠵᠢᠯ ᠢ ᠪᠠᠶᠢᠩᠭᠤᠵᠢᠭᠤᠯᠤᠨ ᠠᠬᠢᠭᠤᠯᠬᠤ ᠬᠡᠷᠡᠭᠲᠡᠢ ᠭᠡᠵᠡᠢ᠃     ᠬᠤᠷᠠᠯ ᠠᠴᠠ ᠱᠠᠭᠠᠷᠳᠠᠭᠰᠠᠨ ᠨᠢ᠂ 12345 ᠠᠵᠢᠯ ᠤᠨ ᠥᠷᠲᠡᠭᠡ ᠠᠰᠠᠭᠤᠳᠠᠯ ᠢ ᠴᠠᠭ ᠲᠤᠬᠠᠢ ᠳᠤᠨᠢ ᠣᠨᠣᠪᠴᠢᠲᠠᠶ ᠳᠠᠮᠵᠢᠭᠤᠯᠵᠤ᠂ ᠬᠤᠯᠪᠣᠭᠳᠠᠯ ᠪᠦᠬᠦᠢ ᠬᠠᠷᠢᠭᠤᠴᠠᠯᠭᠠᠲᠤ ᠨᠢᠭᠡᠴᠡ ᠶᠢᠨ ᠬᠢᠨ ︽ᠤᠷᠢᠳᠠᠪᠠᠷ ᠭᠥᠯᠢᠶᠡᠨ ᠠᠪᠴᠤ ᠤᠷᠢᠳᠠᠪᠠᠷ ᠰᠢᠢᠳᠪᠦᠷᠢᠯᠡᠬᠦ᠂ ᠨᠢᠭᠡ ᠶᠢ ᠡᠴᠦᠰ ᠲᠤᠨᠢ ᠲᠤᠯᠲᠠᠯ᠎ᠠ ᠬᠠᠮᠢᠶᠠᠷᠬᠤ︾ ᠵᠠᠷᠴᠢᠮ ᠶᠣᠰᠣᠭᠠᠷ᠂ ᠠᠵᠢᠯ ᠤᠨ ᠬᠠᠭᠤᠳᠠᠰᠤ ᠶᠢ ᠡᠮᠬᠢᠯᠡᠨ ᠳᠢᠭᠯᠡᠭᠰᠡᠨ ᠦᠷ᠎ᠡ ᠳ᠋ᠦᠩ ᠢ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠲᠤᠰᠬᠠᠵᠤ᠂ ᠳᠠᠭᠠᠭᠠᠨ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤ ᠥᠭᠬᠦ ᠬᠡᠷᠡᠭᠲᠡᠢ ᠭᠡᠵᠡᠢ᠃                                       ᠤᠷᠴᠢᠭᠤᠯᠤᠭᠴᠢ᠄ ᠬᠦᠰᠡᠯ                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2