ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/31
   3 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠤᠯᠠᠭᠠᠨᠴᠠᠪ ᠬᠤᠲᠠ ᠶᠢᠨ ᠠᠵᠤ ᠦᠢᠯᠡᠳᠪᠦᠷᠢ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠯ ᠬᠥᠭᠵᠢᠯᠲᠡ ᠶᠢᠨ ᠬᠡᠷᠡᠭᠵᠢᠭᠦᠯᠬᠦ ᠲᠥᠰᠥᠯ︾ ︽ᠤᠯᠠᠭᠠᠨᠴᠠᠪ ᠬᠤᠲᠠ ᠶᠢᠨ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠢ ᠡᠮᠬᠢᠯᠡᠨ ᠨᠡᠶᠢᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠲᠤᠬᠠᠢ ᠬᠡᠷᠡᠭᠵᠢᠭᠦᠯᠬᠦ ᠲᠥᠰᠥᠯ︾ ︽ᠤᠯᠠᠭᠠᠨᠴᠠᠪ ᠬᠤᠲᠠ ᠶᠢᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠰᠠᠭᠤᠷᠢᠨ ᠭᠠᠵᠠᠷ ᠤᠨ ᠬᠡᠷᠡᠭᠵᠢᠭᠦᠯᠬᠦ ᠲᠥᠰᠥᠯ ︵2023 ︱ 2025︶︾ ᠵᠢᠴᠢ ᠬᠤᠲᠠ ᠶᠢᠨ ᠲᠣᠰ ᠱᠠᠲᠤ ᠪᠠ ᠬᠠᠮᠢᠶ᠎ᠠ ᠪᠦᠬᠦᠢ ᠬᠤᠰᠢᠭᠤ ᠰᠢᠶᠠᠨ ᠬᠤᠲᠠ ᠶᠢᠨ ᠬᠠᠷᠢᠴᠠᠩᠭᠤᠢ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠬᠡᠷᠡᠭᠵᠢᠭᠦᠯᠬᠦ ᠲᠥᠰᠥᠯ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠲᠣᠪᠤᠶᠢᠯᠭᠠᠨ᠂ ᠬᠢᠨᠠᠨ ᠵᠢᠯᠤᠭᠤᠳᠴᠤ ᠪᠠᠶᠢᠴᠠᠭᠠᠬᠤ ᠪᠠ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠭᠠᠯ ᠰᠡᠷᠭᠡᠶᠢᠯᠡᠨ ᠤᠨᠲᠠᠷᠠᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠲᠡᠮᠦᠷ ᠤᠨ ᠬᠠᠶᠢᠯᠤᠰᠢ ᠶᠢᠨ ᠠᠵᠢᠯ ᠲᠦᠷᠦᠯ ᠢ ᠡᠮᠬᠢᠯᠡᠨ ᠨᠡᠶᠢᠯᠡᠭᠦᠯᠬᠦ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠠᠵᠤ ᠦᠢᠯᠡᠰ ᠤᠨ ᠪᠦᠲᠦᠴᠡ ᠪᠣᠯᠣᠨ ᠡᠨᠧᠷᠭᠢ ᠬᠡᠷᠡᠭᠯᠡᠬᠦ ᠪᠦᠲᠦᠴᠡ ᠶᠢ ᠰᠠᠶᠢᠵᠢᠷᠠᠭᠤᠯᠵᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠯ ᠠᠵᠤ ᠠᠬᠤᠢ ᠶᠢᠨ ᠰᠢᠰᠲ᠋ᠧᠮ ᠢ ᠢᠳᠡᠪᠬᠢᠲᠡᠢ ᠪᠠᠷ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ ᠪᠣᠶᠢᠵᠢᠭᠤᠯᠬᠤ ᠡᠷᠴᠢᠮ ᠢ ᠴᠢᠩᠭᠠᠷᠠᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠵᠤ᠂ ︽ᠣᠣᠷ ᠠᠮᠲᠠᠲᠤ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠪᠦᠬᠦ ᠲᠠᠯ᠎ᠠ ᠪᠠᠷ ᠡᠭᠦᠳᠴᠦ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠢ ᠪᠦᠬᠦ ᠲᠠᠯ᠎ᠠ ᠪᠠᠷ ᠪᠠᠶᠢᠭᠤᠯᠬᠤ ᠬᠡᠷᠡᠭᠲᠡᠢ᠃ ᠬᠠᠷᠢᠴᠠᠩᠭᠤᠢ ᠪᠠᠷ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠷᠢᠨ ᠨᠠᠶᠢᠳᠠᠪᠤᠷᠢᠵᠢᠭᠤᠯᠤᠨ᠂ ᠪᠣᠳᠠᠲᠠᠢ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                         ᠣᠷᠴᠢᠭᠤᠯᠤᠭᠴᠢ᠄ ᠭᠤᠸ᠎ᠠ                                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2