ᠪᠦᠬᠦ ᠬᠤᠲᠠ ᠶᠢᠨ ᠳᠠᠩᠰᠠ ᠡᠪᠬᠡᠮᠡᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/6
   3 ᠰᠠᠷ᠎ᠠ ᠶᠢᠨ 2 ᠤᠨ ᠡᠳᠦᠷ᠂ ᠪᠥᠬᠦ ᠬᠤᠲᠠ ᠶᠢᠨ ᠲᠠᠩᠰᠠ ᠡᠪᠬᠡᠮᠡᠯ ᠤᠨ ᠠᠵᠢᠯ ᠤᠨ ᠬᠤᠷᠠᠯ ᠬᠤᠷᠠᠯᠳᠤᠵᠤ᠂ ᠰᠢᠨ᠎ᠡ ᠴᠠᠭ ᠦᠶ᠎ᠡ ᠶᠢᠨ ᠲᠠᠩᠰᠠ ᠡᠪᠬᠡᠮᠡᠯ ᠤᠨ ᠠᠵᠢᠯ ᠢ ᠰᠠᠶᠢᠲᠤᠷ ᠬᠢᠭᠰᠡᠨ ᠲᠤᠷᠰᠢᠯᠭ᠎ᠠ ᠪᠠ ᠠᠷᠭ᠎ᠠ ᠬᠢᠳᠡᠯ ᠢᠶᠠᠨ ᠰᠣᠯᠢᠯᠴᠠᠨ ᠬᠤᠪᠢᠶᠠᠯᠴᠠᠵᠤ᠂ 2022 ᠣᠨ ᠤ ᠪᠥᠬᠦ ᠬᠤᠲᠠ ᠶᠢᠨ ᠲᠠᠩᠰᠠ ᠡᠪᠬᠡᠮᠡᠯ ᠤᠨ ᠠᠵᠢᠯ ᠢ ᠳ᠋ᠦᠩᠨᠡᠵᠦ᠂ 2023 ᠣᠨ ᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃   ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢᠦ ᠭᠦᠸᠧ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃   ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠪᠥᠬᠦ ᠬᠤᠲᠠ ᠶᠢᠨ ᠲᠠᠩᠰᠠ ᠡᠪᠬᠡᠮᠡᠯ ᠤᠨ ᠠᠵᠢᠯ ᠳᠤ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠲᠠᠩᠰᠠ ᠡᠪᠬᠡᠮᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠥᠬᠦ ᠤᠯᠤᠰ ᠤᠨ ᠲᠠᠩᠰᠠ ᠡᠪᠬᠡᠮᠡᠯ ᠤᠨ ᠲᠣᠪᠴᠢᠶ᠎ᠠ ᠶᠢᠨ ᠳᠠᠷᠤᠭ᠎ᠠ ᠨᠠᠷ ᠤᠨ ᠬᠤᠷᠠᠯ ᠪᠣᠯᠣᠨ ᠪᠥᠬᠦ ᠣᠷᠣᠨ ᠤ ᠲᠠᠩᠰᠠ ᠡᠪᠬᠡᠮᠡᠯ ᠤᠨ ᠠᠵᠢᠯ ᠤᠨ ᠬᠤᠷᠠᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠠᠩᠰᠠ ᠡᠪᠬᠡᠮᠡᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠡᠭᠦᠷᠭᠡ ᠶᠢ ᠮᠠᠨ ᠤ ᠬᠤᠲᠠ ᠳᠤ  ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠲᠠᠩᠰᠠ ᠡᠪᠬᠡᠮᠡᠯ ᠤᠨ ᠠᠵᠢᠯ ᠤᠨ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠢᠮᠠᠭᠲᠠ ᠪᠠᠲᠤ ᠰᠠᠬᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠥᠬᠦ ᠲᠠᠯ᠎ᠠ ᠪᠠᠷ ᠳᠤᠲᠠᠭᠳᠠᠯ ᠲᠠᠢ ᠲᠠᠯ᠎ᠠ ᠶᠢ ᠨᠥᠬᠦᠪᠦᠷᠢᠯᠡᠵᠦ᠂ ᠲᠠᠩᠰᠠ ᠡᠪᠬᠡᠮᠡᠯ ᠤᠨ ᠠᠵᠢᠯ ᠤᠨ ᠳᠤᠲᠠᠭᠤᠳᠠᠯ ᠪᠠᠭᠤᠷᠠᠢ ᠲᠠᠯ᠎ᠠ ᠶᠢ ᠬᠦᠴᠦᠯᠡᠨ ᠨᠥᠬᠦᠪᠦᠷᠢᠯᠡᠵᠦ᠂ ᠨᠠᠮ ᠤᠨ ᠲᠠᠩᠰᠠ ᠡᠪᠬᠡᠮᠡᠯ ᠤᠨ ᠠᠵᠢᠯ ᠤᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠤᠯᠠᠭᠠᠨᠴᠠᠪ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠲᠠᠩᠰᠠ ᠡᠪᠬᠡᠮᠡᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃                                                     ᠣᠷᠴᠢᠭᠤᠯᠤᠭᠴᠢ᠄ ᠭᠤᠸ᠎ᠠ                                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2