ᠪᠦᠬᠦ ᠬᠤᠲᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/6
     3 ᠰᠠᠷ᠎ᠠ ᠶᠢᠨ 2 ᠤᠨ ᠡᠳᠦᠷ᠂ ᠪᠦᠬᠦ ᠬᠤᠳᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠪᠦᠬᠦ ᠬᠤᠳᠠ ᠶᠢᠨ ᠰᠤᠷᠭᠠᠨ ᠬᠥᠮᠦᠵᠢᠯ ᠤᠨ ᠠᠵᠢᠯ ᠢ ᠲᠣᠬᠢᠷᠠᠭᠤᠯᠪᠠ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠧᠢ ᠺᠦᠨ ᠬᠤᠷᠠᠯ ᠳᠤ ᠣᠷᠣᠯᠴᠠᠪᠠ᠃      ᠪᠠᠶᠢᠷᠢᠯᠠᠭᠤᠯᠤᠯᠲᠠ ᠶᠣᠰᠣᠭᠠᠷ᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠵᠤ᠂ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠤᠳᠤᠷᠢᠳᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢ ᠨᠡᠮᠡᠭᠳᠡᠭᠦᠯᠵᠦ᠂ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠶᠢ ᠪᠠᠲᠤᠯᠠᠵᠤ᠂ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠪᠠᠷᠢᠮᠲᠠᠯᠠᠨ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠪᠠᠭᠰᠢ ᠶᠢᠨ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠲᠥᠪ ᠤᠨ ᠨᠢᠭᠡᠴᠢ ᠶᠢᠨ  ᠴᠡᠭ ᠲᠣᠭᠲᠠᠭᠠᠨ ᠬᠠᠪᠰᠤᠷᠤᠨ ᠲᠡᠳᠬᠦᠬᠦ ᠲᠣᠭᠲᠠᠴᠠ ᠶᠢ ᠰᠠᠶᠢᠲᠤᠷ ᠬᠡᠷᠡᠭᠯᠡᠵᠦ᠂ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢᠨ ᠰᠢᠨ᠎ᠡ ᠠᠷᠭ᠎ᠠ ᠵᠠᠮ ᠢ ᠨᠡᠭᠡᠭᠡᠨ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠭᠠᠨᠴᠠᠪ ᠤᠨ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ ᠃ ᠰᠤᠷᠭᠠᠨ ᠬᠥᠮᠦᠵᠢᠯ ᠤᠨ ᠬᠦᠷᠢᠶᠡᠨ ᠳᠤ ᠢᠯᠡᠷᠡᠭᠰᠡᠨ ᠰᠢᠨ᠎ᠡ ᠬᠤᠪᠢᠷᠠᠯᠲᠠ᠂ ᠰᠢᠨ᠎ᠡ ᠪᠠᠶᠢᠳᠠᠯ ᠢ ᠡᠵᠡᠮᠳᠡᠵᠦ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠨ᠎ᠡ ᠠᠰᠠᠭᠤᠳᠠᠯ ᠢ ᠰᠢᠢᠳᠪᠦᠷᠢᠯᠡᠵᠦ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠠᠩᠬᠠᠷᠴᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠵᠦ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ                                                          ᠣᠷᠴᠢᠭᠤᠯᠤᠭᠴᠢ᠄ ᠭᠤᠸ᠎ᠠ                                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2