ᠵᠢᠨᠢᠩ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠥᠪᠡᠰᠦᠪᠡᠨ ᠳᠠᠷᠤᠮᠠᠯᠯᠠᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/3/6
    ︽ᠢᠨᠲ᠋ᠧᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠦᠢᠯᠡᠴᠢᠯᠡᠭᠡ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ ᠵᠠᠭᠪᠤᠷ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠤᠯᠠᠭᠠᠨᠴᠠᠪ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠤᠨ ᠵᠢᠨᠢᠩ ᠬᠤᠪᠢᠶᠠᠷᠢ ᠲᠣᠭᠤᠷᠢᠭ ᠤᠨ ᠲᠥᠪ ᠤᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠤᠨ ᠥᠪᠡᠷᠲᠡᠭᠡᠨ ᠦᠨᠡᠮᠯᠡᠯ ᠠᠪᠬᠤ ᠮᠠᠰᠢᠨ ᠰᠢᠨ ᠲᠢ ᠯᠤ᠋  ᠵᠠᠮ ᠤᠨ ᠲᠤᠬᠠᠶᠢᠯᠠᠭᠰᠠᠨ ᠠᠵᠢᠯ ᠤᠨ ᠲᠢᠩᠬᠢᠮ ᠳᠤ ᠵᠢᠩᠬᠢᠨᠢ ᠪᠠᠷ ᠠᠵᠢᠯ ᠤᠨ ᠪᠠᠶᠢᠷᠢ ᠳᠤ ᠭᠠᠷᠴᠤ᠂ ᠰᠠᠭᠤᠭᠠᠯᠢ ᠠᠷᠠᠳ ᠲᠤ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠤᠨ ︽ᠪᠠᠷᠢᠨ ᠭᠦᠢᠴᠡᠳᠬᠡᠪᠡᠯ ᠪᠠᠷᠢᠨ ᠠᠪᠬᠤ︾ ᠦᠢᠯᠡᠴᠢᠯᠡᠭᠡᠨ ᠤ ᠰᠢᠨ᠎ᠡ ᠵᠠᠭᠪᠤᠷ ᠢ ᠬᠠᠩᠭᠠᠭᠰᠠᠨ ᠪᠠᠶᠢᠨ᠎ᠠ᠃ ᠲᠤᠰ ᠵᠠᠭᠪᠤᠷ ᠨᠢ ᠰᠠᠭᠤᠭᠠᠯᠢ ᠠᠷᠠᠳ ᠤᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯ ᠤᠨ ᠴᠣᠩᠬᠤᠪᠴᠢ ᠳᠤ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠬᠤ ᠳᠤ᠂ ᠠᠵᠢᠯᠲᠠᠨ ᠠᠴᠠ ᠬᠢᠨᠠᠨ ᠬᠠᠷᠭᠤᠭᠤᠯᠵᠤ ᠳᠡᠪᠲᠡᠷ ᠲᠤ ᠲᠡᠮᠳᠡᠭᠯᠡᠭᠰᠡᠨ ᠤ ᠳᠠᠷᠠᠭ᠎ᠠ ᠂ ᠳᠠᠩᠰᠠᠯᠠᠭᠤᠯᠤᠭᠰᠠᠨ ᠮᠡᠳᠡᠭᠡ ᠵᠠᠩᠭᠢ ᠪᠠᠨ ᠥᠯᠥ ᠬᠥᠳᠡᠯᠬᠦ ᠬᠥᠷᠥᠩᠭᠡ ᠶᠢᠨ ᠥᠪᠡᠰᠦᠪᠡᠨ ᠦᠨᠡᠮᠯᠡᠯ ᠣᠯᠭᠤᠬᠤ ᠮᠠᠰᠢᠨ ᠳᠤ ᠳᠠᠮᠵᠢᠭᠤᠯᠵᠤ᠂ ᠮᠠᠰᠢᠨ ᠤ ᠠᠷᠤ ᠲᠠᠪᠴᠠᠩ ᠳᠤ ᠬᠢᠨᠠᠨ ᠬᠠᠷᠭᠤᠭᠤᠯᠵᠤ ᠪᠠᠷᠠᠭᠰᠠᠨ ᠤ ᠳᠠᠷᠠᠭ᠎ᠠ᠂ ᠰᠠᠭᠤᠭᠠᠯᠢ ᠠᠷᠠᠳ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠪᠠ ᠬᠥᠮᠥᠨ ᠤ ᠵᠢᠰᠦ ᠶᠢ ᠢᠯᠭᠠᠨ ᠲᠠᠨᠢᠬᠤ ᠪᠠᠷ ᠳᠡᠮᠵᠢᠨ ᠦᠨᠡᠮᠯᠡᠯ ᠣᠯᠭᠤᠬᠤ ᠮᠠᠰᠢᠨ ᠳᠡᠭᠡᠷ᠎ᠡ ᠥᠪᠡᠰᠦᠪᠡᠨ ᠳᠠᠷᠤᠮᠠᠯᠯᠠᠵᠤ ᠪᠣᠯᠬᠤ ᠪᠥᠭᠡᠳ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠪᠤᠶᠤ ᠭᠡᠷᠡᠴᠢ ᠶᠢ ᠠᠪᠴᠤ ᠪᠣᠯᠣᠨ᠎ᠠ᠃     ᠲᠣᠰ ᠤᠳᠠᠭᠠᠨ ᠤ ᠦᠢᠯᠡᠴᠢᠯᠡᠭᠡ ᠶᠢ ᠲᠠᠰ ᠳᠡᠪᠰᠢᠭᠦᠯᠬᠦ ᠪᠣᠯ ᠤᠯᠠᠭᠠᠨᠴᠠᠪ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠤᠨ ᠵᠢᠨᠢᠩ ᠤᠨ ᠬᠤᠪᠢᠶᠠᠷᠢ ᠲᠣᠭᠤᠷᠢᠭ ᠤᠨ ᠲᠥᠪ ᠤᠨ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠳᠠᠲᠤ ᠠᠵᠢᠯᠯᠠᠭ᠎ᠠ ᠪᠣᠯᠣᠨ᠎ᠠ᠃ ᠥᠯᠥ ᠬᠥᠳᠡᠯᠬᠦ ᠬᠥᠷᠥᠩᠭᠡ ᠶᠢ ᠳᠡᠩᠰᠡᠯᠡᠵᠦ ᠦᠨᠡᠮᠯᠡᠯ ᠠᠪᠬᠤ ᠶᠠᠪᠤᠴᠠ ᠶᠢᠨ ᠥᠪᠡᠰᠦᠪᠡᠨ ᠦᠢᠯᠡᠴᠢᠯᠡᠬᠦ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠪᠠᠯ᠂ ᠴᠣᠩᠬᠤᠪᠴᠢ ᠶᠢᠨ ᠲᠤᠬᠠᠶᠢᠯᠠᠭᠰᠠᠨ ᠠᠵᠢᠯ ᠢ ᠪᠦᠲᠦᠮᠵᠢᠲᠡᠶ ᠪᠠᠷ ᠰᠠᠯᠭᠠᠨ ᠲᠣᠬᠢᠷᠠᠭᠤᠯᠵᠤ᠂ ᠰᠠᠭᠤᠭᠠᠯᠢ ᠠᠷᠠᠳ ᠲᠤ ᠨᠠᠩ ᠳᠥᠭᠦᠮ ᠳᠥᠲᠡ᠂ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ᠂ ᠬᠥᠮᠦᠯᠢᠭ ᠴᠢᠨᠠᠷᠲᠠᠢ ᠦᠢᠯᠡᠴᠢᠯᠡᠭᠡᠨ ᠤ ᠪᠡᠶᠡᠴᠢ ᠣᠶᠢᠯᠠᠭᠠᠯᠲᠠ ᠶᠢ ᠠᠪᠴᠢᠷᠠᠵᠤ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠣᠭᠤᠨᠢᠰᠬᠠᠵᠤ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠤᠶᠢᠯ ᠤᠨ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃                              ᠤᠷᠴᠢᠭᠤᠯᠤᠭᠴᠢ᠄ ᠬᠦᠰᠡᠯ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2