ᠪᠦᠬᠦ ᠬᠤᠲᠠ ᠶᠢᠨ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠪᠯᠡᠷᠡᠩᠭᠦᠢ ᠵᠢᠱᠢᠶ᠎ᠡ ᠦᠵᠡᠭᠦᠯᠬᠦ ᠠᠵᠢᠯᠯᠠᠭ᠎ᠠ ᠵᠢᠨᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2023/3/7
   3 ᠰᠠᠷ᠎ᠠ ᠶᠢᠨ 5 ᠤ ᠡᠳᠦᠷ᠂ ᠪᠥᠬᠦ ᠬᠤᠲᠠ ᠶᠢᠨ 2023 ᠣᠨ ᠤ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠪᠯᠡᠷᠡᠩᠭᠦᠢ ᠵᠢᠱᠢᠶ᠎ᠡ ᠦᠵᠡᠭᠦᠯᠬᠦ ᠠᠵᠢᠯᠯᠠᠭ᠎ᠠ ᠵᠢᠴᠢ ᠵᠢᠨᠢᠩ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠶᠡᠷᠦᠩᠬᠡᠢ ᠠᠩᠭᠢ ᠶᠢᠨ ︽ᠪᠣᠯᠪᠠᠰᠤᠨ ᠵᠠᠮ ᠬᠠᠷᠢᠯᠴᠠᠭ᠎ᠠ᠂ ᠬᠠᠶᠢᠷ᠎ᠠ ᠲᠠᠢ ᠬᠠᠮᠲᠤ ᠤᠷᠤᠭᠰᠢᠯᠠᠶ᠎ᠠ︾ ᠭᠡᠬᠦ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠵᠢᠨᠢᠩ ᠳᠤ ᠶᠠᠪᠤᠭᠳᠠᠪᠠ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠤᠸᠠᠢ ᠶᠠᠨ ᠮᠧᠶ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠠᠵᠢᠯᠯᠠᠭ᠎ᠠ ᠳᠤ ᠣᠷᠣᠯᠴᠠᠪᠠ᠃    ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠲᠦᠷᠢᠶᠡᠰᠦᠨ ᠮᠠᠰᠢᠨ ᠲᠡᠷᠭᠡ᠂ ᠬᠤᠪᠢ ᠶᠢᠨ ᠮᠠᠰᠢᠨ ᠲᠡᠷᠭᠡ᠂ ᠨᠡᠶᠢᠲᠡ ᠶᠢᠨ ᠮᠠᠰᠢᠨ ᠲᠡᠷᠭᠡ᠂ ᠵᠠᠬᠢᠶᠠᠯᠠᠭ᠎ᠠ ᠶᠢᠨ ᠬᠤᠭᠤᠯᠠ᠂ ᠲᠦᠷᠭᠡᠨ ᠬᠦᠷᠭᠡᠯᠲᠡ᠂ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠡᠯ᠎ᠡ ᠠᠵᠢᠯ ᠲᠥᠷᠥᠯ ᠤᠨ 150 ᠭᠠᠷᠤᠢ ᠮᠠᠰᠢᠨ ᠲᠡᠷᠭᠡ᠂ 200 ᠭᠠᠷᠤᠢ ᠬᠥᠮᠥᠨ ᠰᠠᠶᠢᠨ ᠳᠤᠷ᠎ᠠ ᠶᠢᠨ ᠠᠵᠢᠯᠯᠠᠭᠴᠢ ᠶᠢᠨ ᠦᠢᠯᠡᠴᠢᠯᠡᠭᠡᠨ ᠤ ᠡᠩᠨᠡᠭᠡ ᠪᠣᠯᠵᠤ ᠪᠦᠷᠢᠯᠳᠦᠪᠡ︔ ᠡᠯ᠎ᠡ ᠠᠵᠢᠯ ᠲᠦᠷᠦᠯ ᠤᠨ ᠲᠥᠯᠥᠭᠡᠯᠡᠭᠴᠢ ︽ᠪᠣᠯᠪᠠᠰᠤᠨ ᠵᠠᠮ ᠬᠠᠷᠢᠯᠴᠠᠭ᠎ᠠ︾ ᠶᠢᠨ ᠲᠥᠪ ᠬᠢᠴᠢᠶᠡᠩᠭᠦᠢ ᠠᠮᠠᠯᠠᠯᠲᠠ ᠬᠢᠭᠰᠡᠨ ᠪᠥᠭᠡᠳ ︽ᠪᠣᠯᠪᠠᠰᠤᠨ ᠵᠠᠮ ᠬᠠᠷᠢᠯᠴᠠᠭᠠᠨ ᠤ ᠣᠷᠣᠯᠠᠨ ᠥᠭᠦᠯᠡᠭᠴᠢ︾ ᠪᠠᠷ ᠱᠠᠩᠨᠠᠭᠳᠠᠪᠠ᠃    ᠣᠶᠢᠷ᠎ᠠ ᠶᠢᠨ ᠵᠢᠯ ᠤᠳ ᠲᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠳᠠᠭᠠᠯᠳᠤᠨ᠂ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡ ᠮᠠᠨ ᠤ ᠬᠤᠲᠠ ᠳᠤ ᠥᠷᠭᠡᠨ ᠢᠶᠠᠷ ᠥᠷᠨᠢᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠲᠠᠰᠤᠷᠠᠯᠲᠠ ᠦᠭᠡᠢ ᠪᠤᠵᠠᠭᠠᠶᠢᠷᠠᠵᠤ᠂ ᠠᠭᠤᠯᠭ᠎ᠠ ᠨᠢ ᠲᠠᠰᠤᠷᠠᠯᠲᠠ ᠦᠭᠡᠢ ᠥᠷᠭᠡᠵᠢᠪᠡ᠃ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠥᠬᠦ ᠬᠤᠲᠠ ᠶᠢᠨ ᠥᠭᠡᠳᠡᠯᠡᠨ ᠳᠠᠪᠰᠢᠬᠤ ᠨᠡᠶᠢᠭᠡᠮ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠤ ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠪᠥᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠳᠤ ᠳᠠᠭᠤᠰᠤᠰᠢ ᠦᠭᠡᠢ ᠣᠶᠤᠨ ᠰᠠᠨᠠᠭᠠᠨ ᠤ ᠬᠥᠳᠡᠯᠭᠡᠬᠦ ᠬᠦᠴᠦᠨ ᠢ ᠨᠡᠮᠡᠷᠢᠯᠡᠬᠦ ᠶᠢᠨ ᠲᠥᠯᠥᠭᠡ ᠶᠤᠮ᠃                                                          ᠣᠷᠴᠢᠭᠤᠯᠤᠭᠴᠢ᠄ ᠭᠤᠸ᠎ᠠ                                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2